| | | ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠮᠦᠷ | ᠵᠠᠮ ᠤᠨ ᠪᠦᠯᠦᠭᠯᠡᠯ ᠵᠡᠷᠭᠡ 9 ᠨᠢᠭᠡᠴᠢ ᠶᠢᠨ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠪᠤᠭᠤᠷᠤᠯᠴᠤᠳ ᠤᠨ | ᠵᠢᠭᠤᠯᠴᠢᠯᠠᠯ ᠤᠨ ᠭᠠᠯᠲᠤ ᠲᠡᠷᠭᠡ ᠶᠢ ᠨᠡᠮᠡᠨ ᠠᠶᠠᠯᠠᠭᠤᠯᠵᠤ ᠦᠢᠯᠡᠴᠢᠯᠡᠭᠡᠨ ᠤ ᠬᠡᠷᠡᠭᠯᠡᠭᠡ ᠶᠢᠨ ᠬᠥᠭᠵᠢᠯᠲᠡ ᠶᠢ | ᠠᠬᠢᠭᠤᠯᠬᠤ ᠲᠤᠬᠠᠢ ᠠᠵᠢᠯᠯᠠᠭᠠᠨ ᠤ ᠲᠥᠯᠥᠪᠯᠡᠭᠡ︾ ᠶᠢ 11 ᠤ ᠡᠳᠦᠷ ᠨᠡᠶᠢᠭᠡᠮ ᠨᠡᠶᠢᠲᠡ ᠳᠤ ᠨᠡᠶᠢᠲᠡᠯᠡᠵᠦ᠂ | ᠪᠤᠭᠤᠷᠤᠯᠴᠤᠳ ᠤᠨ ᠵᠢᠭᠤᠯᠴᠢᠯᠠᠯ ᠤᠨ ᠭᠠᠯᠲᠤ ᠲᠡᠷᠭᠡ ᠶᠢᠨ ᠦᠢᠯᠡᠴᠢᠯᠡᠭᠡ ᠬᠠᠩᠭᠠᠯᠭ᠎ᠠ ᠶᠢ ᠨᠡᠮᠡᠭᠳᠡᠭᠦᠯᠬᠦ᠂ | ᠨᠠᠰᠤᠵᠢᠯᠲᠠ ᠳᠤ ᠲᠣᠬᠢᠷᠠᠬᠤ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠷᠠᠭᠤᠯᠬᠤ᠂ ᠪᠤᠭᠤᠷᠤᠯᠴᠤᠳ ᠤᠨ | ᠵᠢᠭᠤᠯᠴᠢᠯᠠᠯ ᠤᠨ ᠭᠠᠯᠲᠤ ᠲᠡᠷᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠪᠤᠭᠤᠷᠤᠯᠴᠤᠳ ᠤᠨ | ᠵᠢᠭᠤᠯᠴᠢᠯᠠᠯ ᠤᠨ ᠭᠠᠯᠲᠤ ᠲᠡᠷᠭᠡ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ | 12 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | ᠠᠵᠢᠯᠯᠠᠭᠠᠨ ᠤ ᠲᠥᠯᠥᠪᠯᠡᠭᠡ ᠳᠤ᠂ ᠮᠠᠨ ᠤ ᠤᠯᠤᠰ ᠤᠨ ᠲᠡᠮᠦᠷ ᠵᠠᠮ ᠤᠨ ᠰᠦᠯᠵᠢᠶᠡᠵᠢᠭᠰᠡᠨ | ᠡᠵᠡᠩᠨᠡᠯᠲᠡ ᠪᠠ ᠠᠮᠤᠷ ᠲᠦᠪᠰᠢᠨ᠂ ᠲᠠᠭᠠᠯᠠᠮᠵᠢᠲᠠᠢ᠂ ᠳᠥᠭᠦᠮ ᠳᠥᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠵᠢᠭᠤᠯᠴᠢᠯᠠᠯ ᠤᠨ ᠭᠠᠯᠲᠤ ᠲᠡᠷᠭᠡ ᠶᠢᠨ ᠵᠠᠬ᠎ᠠ ᠳᠡᠯᠭᠡᠭᠦᠷᠴᠢᠯᠡᠭᠰᠡᠨ ᠠᠶᠠᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢᠨ ᠪᠤᠭᠤᠷᠤᠯᠴᠤᠳ ᠤᠨ | ᠵᠢᠭᠤᠯᠴᠢᠯᠠᠯ ᠤᠨ ᠭᠠᠯᠲᠤ ᠲᠡᠷᠭᠡ ᠳᠠᠬᠢ ᠪᠡᠯᠡ ᠣᠷᠣᠭᠤᠯᠤᠯᠲᠠ ᠪᠠ ᠡᠵᠡᠩᠨᠡᠯᠲᠡ ᠳᠤ ᠣᠷᠤᠯᠴᠠᠬᠤ ᠶᠢ | ᠵᠣᠷᠢᠭᠵᠢᠭᠤᠯᠤᠨ ᠳᠡᠮᠵᠢᠵᠦ᠂ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠦᠢᠯᠡᠴᠢᠯᠡᠭᠡᠨ ᠤ ᠬᠡᠷᠡᠭᠯᠡᠭᠡ ᠶᠢᠨ | ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠵᠤ᠂ ᠪᠤᠭᠤᠷᠤᠯᠴᠤᠳ ᠤᠨ ᠵᠢᠭᠤᠯᠴᠢᠯᠠᠯ ᠤᠨ | ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ 2027 ᠣᠨ ᠪᠤᠯᠬᠤ ᠳᠤ᠂ ᠪᠦᠭᠦ ᠤᠯᠤᠰ ᠢ | ᠪᠦᠷᠬᠦᠭᠰᠡᠨ᠂ ᠵᠠᠮ ᠱᠤᠭᠤᠮ ᠨᠢ ᠣᠯᠠᠨ ᠶᠠᠩᠵᠤ ᠶᠢᠨ᠂ ᠭᠤᠣᠯ ᠰᠡᠳᠦᠪ ᠨᠢ ᠪᠠᠶᠠᠯᠢᠭ᠂ ᠦᠢᠯᠡᠴᠢᠯᠡᠭᠡ ᠨᠢ ᠪᠦᠭᠦ | ᠲᠠᠯ᠎ᠠ ᠶᠢᠨ ᠪᠤᠭᠤᠷᠤᠯᠴᠤᠳ ᠤᠨ ᠵᠢᠭᠤᠯᠴᠢᠯᠠᠯ ᠤᠨ ᠭᠠᠯᠲᠤ ᠲᠡᠷᠭᠡ ᠶᠢᠨ ᠦᠢᠯᠡᠳᠬᠦᠨ ᠤ ᠰᠢᠰᠲ᠋ᠧᠮ ᠢ ᠪᠠᠶᠢᠭᠤᠯᠤᠨ᠎ᠠ | ᠭᠡᠵᠦ ᠳᠤᠷᠠᠳᠪᠠ᠃ | ᠠᠵᠢᠯᠯᠠᠭᠠᠨ ᠤ ᠲᠥᠯᠥᠪᠯᠡᠭᠡ ᠳᠤ᠂ ᠵᠢᠭᠤᠯᠴᠢᠯᠠᠯ ᠤᠨ ᠭᠠᠯᠲᠤ ᠲᠡᠷᠭᠡᠨ ᠤ ᠠᠶᠠᠯᠠᠯ ᠤᠨ ᠵᠢᠷᠤᠭ ᠢ | ᠰᠢᠯᠢᠳᠡᠭᠵᠢᠭᠦᠯᠵᠦ᠂ ᠨᠠᠰᠤᠵᠢᠯᠲᠠ ᠳᠤ ᠲᠣᠬᠢᠷᠠᠬᠤ ᠭᠠᠯᠲᠤ ᠲᠡᠷᠭᠡᠨ ᠤ ᠥᠭᠡᠷᠡᠴᠢᠯᠡᠯᠲᠡ ᠶᠢ ᠠᠬᠢᠭᠤᠯᠵᠤ᠂ ᠬᠠᠯᠠᠮᠰᠢᠯ | ᠵᠢᠭᠤᠯᠴᠢᠯᠠᠯ ᠤᠨ ᠴᠡᠭ ᠲᠡᠶᠢᠰᠢ ᠠᠶᠠᠯᠠᠭᠤᠯᠬᠤ ᠴᠢᠳᠠᠪᠤᠷᠢ ᠶᠢ ᠨᠡᠮᠡᠭᠳᠡᠭᠦᠯᠦᠨ᠎ᠡ᠃ ᠨᠡᠶᠢᠭᠡᠮ ᠨᠡᠶᠢᠲᠡ ᠳᠤ | ᠬᠠᠨᠳᠤᠭᠤᠯᠤᠨ ᠪᠤᠭᠤᠷᠤᠯᠴᠤᠳ ᠤᠨ ᠵᠢᠭᠤᠯᠴᠢᠯᠠᠯ ᠤᠨ ᠭᠠᠯᠲᠤ ᠲᠡᠷᠭᠡ ᠶᠢ ᠨᠡᠪᠲᠡᠷᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠴᠤᠭᠯᠠᠭᠤᠯᠬᠤ ᠶᠢᠨ ᠬᠠᠮᠲᠤ ᠭᠥᠯᠢᠶᠡᠨ ᠠᠪᠴᠤ ᠰᠢᠢᠳᠪᠦᠷᠢᠯᠡᠨ᠂ ᠣᠯᠠᠨ ᠵᠦᠢᠯ ᠤᠨ ᠭᠡᠯᠪᠡᠷᠢ | ᠮᠠᠶ᠋ᠢᠭ ᠢᠶᠠᠷ ᠦᠢᠯᠡᠳᠬᠦᠨ ᠵᠠᠬᠢᠶᠠᠯᠠᠬᠤ ᠦᠢᠯᠡᠴᠢᠯᠡᠭᠡ ᠶᠢ ᠥᠷᠨᠢᠭᠦᠯᠦᠨ᠎ᠡ᠃ ᠪᠤᠭᠤᠷᠤᠯᠴᠤᠳ ᠤᠨ ᠵᠢᠭᠤᠯᠴᠢᠯᠠᠯ ᠤᠨ | ᠭᠠᠯᠲᠤ ᠲᠡᠷᠭᠡ ᠶᠢ ᠨᠠᠰᠤᠵᠢᠯᠲᠠ ᠳᠤ ᠲᠣᠬᠢᠷᠠᠭᠤᠯᠬᠤ᠂ ᠪᠣᠬᠢᠷᠳᠤᠯ ᠦᠭᠡᠢ ᠪᠤᠯᠭᠠᠬᠤ᠂ ᠲᠠᠭᠠᠯᠠᠮᠵᠢᠲᠠᠢ ᠪᠤᠯᠭᠠᠬᠤ | ᠥᠭᠡᠷᠡᠴᠢᠯᠡᠯᠲᠡ ᠶᠢ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠨ᠎ᠠ᠃ ᠪᠤᠭᠤᠷᠤᠯᠴᠤᠳ ᠤᠨ | ᠵᠢᠭᠤᠯᠴᠢᠯᠠᠯ ᠤᠨ ᠭᠠᠯᠲᠤ ᠲᠡᠷᠭᠡᠨ ᠤ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠴᠢᠨᠠᠷ ᠰᠠᠶᠢᠲᠠᠢ᠂ | ᠲᠠᠭᠠᠯᠠᠮᠵᠢᠲᠠᠢ᠂ ᠲᠦᠭᠡᠮᠡᠯ ᠬᠠᠷᠠᠭᠠᠯᠵᠠᠯᠲᠤ ᠦᠢᠯᠡᠳᠬᠦᠨ ᠤ ᠰᠢᠰᠲ᠋ᠧᠮ ᠢ ᠪᠠᠶᠢᠭᠤᠯᠤᠨ᠎ᠠ᠃ ᠵᠢᠭᠤᠯᠴᠢᠯᠠᠯ᠂ | ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠠᠬᠢ ᠠᠵᠤ ᠠᠬᠤᠶᠢᠯᠠᠯ ᠤᠨ ᠲᠡᠮᠦᠷ ᠵᠠᠮ ᠳᠠᠭᠠᠤ ᠶᠢᠨ ᠵᠢᠭᠤᠯᠴᠢᠯᠠᠯ ᠤᠨ | ᠡᠬᠢ ᠪᠠᠶᠠᠯᠢᠭ ᠢ ᠭᠦᠨᠵᠡᠭᠡᠢ ᠠᠭᠤᠳᠠᠯᠬᠤ ᠶᠢ ᠵᠣᠷᠢᠭᠵᠢᠭᠤᠯᠵᠤ᠂ ᠪᠤᠭᠤᠷᠤᠯᠴᠤᠳ ᠤᠨ ᠵᠢᠭᠤᠯᠴᠢᠯᠠᠯ ᠤᠨ ᠭᠠᠯᠲᠤ | ᠲᠡᠷᠭᠡ ᠶᠢᠨ ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠪᠠ ᠦᠢᠯᠡᠳᠬᠦᠨ ᠢ ᠨᠡᠭᠡᠭᠡᠨ ᠬᠥᠭᠵᠢᠭᠦᠯᠦᠨ᠎ᠡ | ᠭᠡᠵᠦ ᠳᠤᠷᠠᠳᠪᠠ᠃ | ᠠᠵᠢᠯᠯᠠᠭᠠᠨ ᠤ ᠲᠥᠯᠥᠪᠯᠡᠭᠡ ᠳᠤ᠂ ᠪᠤᠭᠤᠷᠤᠯᠴᠤᠳ ᠤᠨ ᠵᠢᠭᠤᠯᠴᠢᠯᠠᠯ ᠤᠨ ᠭᠠᠯᠲᠤ ᠲᠡᠷᠭᠡᠨ ᠳᠤ | ᠨᠠᠰᠤᠵᠢᠯᠲᠠ ᠳᠤ ᠲᠣᠬᠢᠷᠠᠬᠤ ᠦᠢᠯᠡᠴᠢᠯᠡᠭᠡ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠪᠦᠯᠭᠦᠮ ᠢ | ᠲᠣᠬᠢᠷᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠦᠨ᠎ᠡ᠃ ᠭᠠᠯᠲᠤ | ᠲᠡᠷᠭᠡᠨ ᠤ ᠡᠮᠴᠢᠯᠡᠭᠡᠨ ᠤ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠡᠮᠴᠢᠯᠡᠭᠡ᠂ | ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠲᠤᠰᠬᠠᠢ ᠦᠢᠯᠡᠴᠢᠯᠡᠭᠡᠨ ᠤ ᠠᠵᠢᠯᠲᠠᠨ ᠪᠠ ᠪᠠᠴᠢᠮ ᠪᠠᠶᠢᠳᠠᠯ ᠢ | ᠠᠷᠭᠠᠴᠠᠭᠠᠬᠤ ᠡᠮ ᠤᠨ ᠵᠦᠢᠯ ᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ | ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠮᠲᠤᠷᠠᠨ ᠪᠤᠭᠤᠷᠤᠯᠴᠤᠳ ᠤᠨ ᠵᠢᠭᠤᠯᠴᠢᠯᠠᠯ ᠤᠨ ᠭᠠᠯᠲᠤ ᠲᠡᠷᠭᠡᠨ ᠳᠤ | ᠡᠮᠴᠢᠯᠡᠭᠡᠨ ᠤ ᠠᠪᠤᠷᠠᠨ ᠲᠤᠰᠠᠯᠠᠭᠴᠢ ᠲᠣᠬᠢᠷᠠᠭᠤᠯᠬᠤ ᠶᠢ ᠵᠣᠷᠢᠭᠵᠢᠭᠤᠯᠵᠤ᠂ ᠭᠠᠯᠲᠤ ᠲᠡᠷᠭᠡᠨ ᠳᠡᠭᠡᠷ᠎ᠡ ᠡᠭᠦᠰᠦᠭᠰᠡᠨ | ᠣᠨᠣᠰᠢᠯᠠᠨ ᠡᠮᠨᠡᠬᠦ ᠵᠠᠷᠤᠳᠠᠯ ᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠭᠠᠵᠠᠷ ᠢᠶᠠᠷ | ᠡᠪᠡᠳᠴᠢᠨ ᠦᠵᠡᠭᠦᠯᠭᠦ ᠭᠠᠵᠠᠷ ᠪᠤᠯᠭᠠᠵᠤ ᠡᠮᠴᠢᠯᠡᠭᠡᠨ ᠤ ᠳᠠᠭᠠᠳᠬᠠᠯ ᠤᠨ ᠣᠨᠳᠣᠣ ᠭᠠᠵᠠᠷ ᠲᠤ ᠡᠪᠡᠳᠴᠢᠨ | ᠦᠵᠡᠭᠦᠯᠦᠭᠰᠡᠨ ᠤ ᠳ᠋ᠦᠩᠨᠡᠨ ᠪᠣᠳᠣᠯᠲᠠ ᠬᠢᠵᠦ ᠪᠣᠯᠣᠨ᠎ᠠ ᠭᠡᠵᠦ ᠳᠤᠷᠠᠳᠪᠠ᠃ | ᠠᠵᠢᠯᠯᠠᠭᠠᠨ ᠤ ᠲᠥᠯᠥᠪᠯᠡᠭᠡ ᠳᠤ ᠪᠠᠰᠠ᠂ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠭᠠᠯᠲᠤ ᠲᠡᠷᠭᠡ | ᠬᠢᠭᠡᠳ ᠦᠵᠡᠮᠵᠢ ᠶᠢᠨ ᠣᠷᠣᠨ ᠤ ᠨᠡᠪᠲᠡᠷᠡᠯᠴᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ | ᠳᠡᠮᠵᠢᠵᠦ᠂ ᠦᠵᠡᠮᠵᠢ ᠶᠢᠨ ᠣᠷᠣᠨ ᠠᠴᠠ ᠵᠢᠭᠤᠯᠴᠢᠯᠠᠬᠰᠡᠳ ᠲᠤ ᠤᠷᠢᠳᠴᠢᠯᠠᠨ ᠪᠣᠯᠵᠣᠬᠤ᠂ ᠰᠠᠭᠠᠳ ᠦᠭᠡᠢ | ᠨᠡᠪᠲᠡᠷᠡᠬᠦ ᠵᠠᠮ᠂ ᠭᠥᠯᠢᠶᠡᠨ ᠠᠪᠬᠤ ᠦᠢᠯᠡᠴᠢᠯᠡᠭᠡ ᠵᠡᠷᠭᠡ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠵᠤ᠂ | ᠪᠤᠭᠤᠷᠤᠯᠴᠤᠳ ᠲᠤ ᠲᠣᠬᠢᠷᠠᠬᠤ ᠲᠣᠭᠤᠷᠢᠨ ᠦᠵᠡᠬᠦ ᠶᠢ ᠵᠢᠯᠤᠭᠤᠳᠬᠤ ᠣᠶᠤᠨᠴᠢ ᠰᠢᠰᠲ᠋ᠧᠮ ᠢ ᠨᠡᠭᠡᠭᠡᠨ | ᠬᠥᠭᠵᠢᠭᠦᠯᠵᠦ᠂ ᠪᠤᠭᠤᠷᠤᠯᠴᠤᠳ ᠤᠨ ᠦᠵᠡᠮᠵᠢ ᠶᠢᠨ ᠣᠷᠣᠨ ᠢᠶᠠᠷ ᠲᠣᠭᠤᠷᠢᠨ ᠦᠵᠡᠬᠦ ᠪᠡᠶᠡᠴᠢᠯᠡᠨ | ᠣᠶᠢᠯᠠᠭᠠᠯᠲᠠ ᠶᠢ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ ᠭᠡᠵᠦ ᠳᠤᠷᠠᠳᠪᠠ᠃ | |