ᠮᠠᠨ ᠤ ᠠᠶᠢᠮᠠᠭ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠵᠤ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠴᠣᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/5/21
                                             ᠲᠤᠰ ᠰᠣᠨᠢᠨ ᠤ ᠰᠤᠷᠪᠤᠯᠵᠢᠯᠠᠬᠴᠢ ᠸᠠᠩ ᠫᠢᠩ   ᠨᠠᠮᠢᠷᠠ          ᠲᠦᠷᠦᠭᠦᠬᠡᠨ᠂ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠠᠴᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠪᠠᠷ ᠵᠢᠯᠣᠭᠤᠳᠤᠮᠵᠢ ᠪᠤᠯᠭᠠᠵᠤ᠂ ︽ᠨᠢᠭᠡ ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠬᠤ︾ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠪᠦᠭᠦ ᠬᠦᠴᠦᠨ ᠢᠶᠠᠷ ᠠᠬᠢᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠨᠡᠷ᠎ᠡ ᠲᠡᠮᠳᠡᠭ ᠢ ᠰᠠᠶᠢᠲᠤᠷ ᠪᠠᠳᠠᠷᠠᠭᠤᠯᠵᠤ᠂ ᠤᠶᠠᠯᠳᠤᠨ ᠠᠭᠤᠰᠤᠯᠴᠠᠬᠤ ᠶᠢ ᠰᠠᠶᠢᠲᠤᠷ ᠠᠬᠢᠭᠤᠯᠤᠨ᠂ ᠪᠦᠯᠬᠦᠮᠳᠡᠨ ᠲᠡᠮᠡᠴᠡᠬᠦ ᠬᠦᠴᠦᠨ ᠢ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠤᠨ ᠲᠠᠷᠠᠭ᠎ᠠ ᠪᠦᠭᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠭᠲᠠᠭᠠᠨ ᠴᠤᠤᠷᠢᠶᠠᠲᠤᠨ ᠳᠠᠭᠠᠵᠤ᠂ ᠡᠯ᠎ᠡ ᠵᠦᠢᠯ ᠤᠨ ᠠᠵᠢᠯ ᠢᠶᠠᠨ ᠪᠦᠭᠦ ᠲᠠᠯ᠎ᠠ ᠪᠠᠷ ᠥᠷᠨᠢᠭᠦᠯᠦᠨ᠂ ᠦᠨᠡᠨ ᠬᠦ  ᠠᠳᠬᠤᠨ ᠪᠣᠳᠠᠲᠠᠢ ᠠᠵᠢᠯᠯᠠᠬᠤ ᠵᠣᠷᠢᠭ ᠢᠶᠠᠷ ᠬᠤᠷᠠᠯ ᠤᠨ ᠵᠣᠷᠢᠭ ᠰᠠᠨᠠᠭ᠎ᠠ ᠶᠢ ᠤᠮᠠᠷᠠᠲᠤ ᠬᠢᠯᠢ ᠶᠢᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠵᠣᠷᠢᠭᠰᠠᠨ ᠪᠠᠶᠢᠨ᠎ᠠ᠃          ᠰᠤᠷᠪᠤᠯᠵᠢᠯᠠᠬᠴᠢ ᠠᠶᠢᠮᠠᠭ ᠤᠨ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠣᠷᠣᠬᠤ ᠳᠤ᠂ ᠲᠣᠭᠯᠠᠭᠴᠢᠳ ︽ᠡᠯᠡᠰᠦ ᠮᠠᠩᠬᠠᠨ ᠤ ᠠᠰᠢᠳᠠ ᠶᠢᠨ ᠤᠳᠤ︾ ᠬᠡᠮᠡᠬᠦ ᠶᠠᠷᠢᠶᠠᠲᠤ ᠵᠦᠴᠦᠭᠡ ᠪᠠᠨ ᠤᠯᠠᠮ ᠴᠢᠨᠠᠷᠯᠢᠭ ᠲᠣᠭᠯᠠᠬᠤ ᠶᠢᠨ ᠲᠤᠰᠠᠳᠠ ᠪᠠᠴᠢᠮ ᠶᠠᠭᠠᠷᠠᠯᠲᠠᠢ ᠪᠣᠯᠪᠠᠰᠤᠷᠠᠵᠤ ᠪᠠᠶᠢᠯ᠎ᠠ᠃ ᠲᠦᠷᠦᠭᠦᠬᠡᠨ ᠲᠣᠰ ᠶᠠᠷᠢᠶᠠᠲᠤ ᠵᠦᠴᠦᠭᠡ ᠶᠢ ᠠᠯᠳᠠᠨ ᠲᠣᠣᠷᠠᠢ ᠳᠠᠭᠤᠤ ᠬᠥᠭᠵᠢᠮ ᠤᠨ ᠲᠢᠩᠬᠢᠮ ᠳᠤ ᠠᠩᠬ᠎ᠠ ᠲᠣᠭᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠪᠠ ᠦᠵᠡᠭᠴᠢᠳ ᠤᠨ ᠰᠠᠶᠢᠨ ᠦᠨᠡᠯᠡᠯᠲᠡ ᠶᠢ ᠣᠯᠵᠤ᠂ ᠭᠤᠶᠢᠽᠠ ᠶᠢᠨ ᠭᠤᠣᠯ ᠴᠠᠭ ᠠᠭᠤᠷ ᠤᠨ ᠥᠷᠲᠡᠭᠡᠨ ᠤ ᠠᠵᠢᠯᠲᠠᠳ ᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃ ︽︿ᠡᠯᠡᠰᠦ ᠮᠠᠩᠬᠠᠨ ᠤ ᠠᠰᠢᠳᠠ ᠶᠢᠨ ᠣᠳᠣ﹀ ᠶᠢ ᠠᠮᠵᠢᠯᠲᠠ ᠲᠠᠢ ᠲᠣᠭᠯᠠᠭᠰᠠᠨ ᠨᠢ ᠤᠷᠠᠯᠢᠭ ᠤᠨ ᠲᠠᠯ᠎ᠠ ᠪᠠᠷ ᠬᠢ ᠬᠠᠶᠢᠨ ᠰᠦᠪᠡᠭᠴᠢᠯᠡᠯᠲᠡ ᠪᠤᠯᠬᠤ ᠪᠠᠷ ᠪᠠᠷᠠᠬᠤ ᠦᠭᠡᠢ᠂ ᠨᠡᠩ ᠴᠤ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠳᠤ ᠬᠥᠭᠦᠷᠭᠡ ᠲᠠᠯᠪᠢᠵᠤ᠂ ᠵᠠᠯᠠᠭᠤ ᠬᠥᠮᠥᠰ ᠲᠤ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠲᠤᠬᠠᠢ ᠨᠡᠩ ᠭᠦᠨᠵᠡᠭᠡᠢ ᠲᠠᠨᠢᠯᠲᠠ ᠲᠠᠢ ᠪᠤᠯᠭᠠᠬᠰᠠᠨ ᠪᠥᠭᠡᠳ ᠨᠡᠩ ᠤᠯᠠᠨ ᠬᠥᠮᠥᠰ ᠲᠤ ᠠᠯᠠᠱᠠ ᠶᠢᠨ ᠥᠪᠡᠷᠮᠢᠴᠡ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠠᠢ︾᠃ ︽ᠡᠯᠡᠰᠦ ᠮᠠᠩᠬᠠᠨ ᠤ ᠠᠰᠢᠳᠠ ᠶᠢᠨ ᠤᠳᠤ︾ ᠶᠠᠷᠢᠶᠠᠲᠤ ᠵᠦᠴᠦᠭᠡ ᠶᠢᠨ ᠭᠦᠢᠴᠡᠳᠭᠡᠭᠴᠢ ᠤᠳᠤᠷᠢᠳᠤᠭᠠᠴᠢ ᠶᠢᠨ ᠭᠡᠷᠡᠯ᠂ ᠲᠣᠬᠯᠠᠯᠲᠠ ᠶᠢᠨ ᠮᠡᠷᠭᠡᠵᠢᠯ ᠪᠣᠯᠣᠨ ᠶᠠᠷᠢᠶᠠᠲᠤ ᠵᠦᠴᠦᠭᠡ ᠶᠢᠨ ᠠᠭᠤᠯᠭ᠎ᠠ ᠶᠢ ᠦᠷᠭᠦᠯᠵᠢᠯᠡᠨ ᠴᠢᠷᠮᠠᠶᠢᠨ ᠪᠤᠯᠪᠠᠰᠤᠷᠠᠭᠤᠯᠵᠤ᠂ ᠨᠡᠩ ᠨᠠᠷᠢᠯᠢᠭ ᠲᠣᠬᠯᠠᠯᠲᠠ᠂ ᠨᠡᠩ ᠰᠡᠳᠬᠢᠯ ᠬᠥᠳᠡᠯᠭᠡᠮ᠎ᠡ ᠦᠢᠯᠡ ᠶᠠᠪᠤᠳᠠᠯ ᠢᠶᠠᠷ ᠤᠮᠠᠷᠠᠲᠤ ᠬᠢᠯᠢ ᠶᠢᠨ ᠰᠣᠶᠣᠯ ᠤᠨ ᠭᠦᠨ ᠠᠭᠤᠯᠬᠤᠨ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠬᠦ ᠪᠠᠷ ᠴᠢᠷᠮᠠᠶᠢᠨ᠎ᠠ ᠭᠡᠪᠡ᠃          ᠣᠶᠢᠷ᠎ᠠ ᠶᠢᠨ ᠵᠢᠯ ᠠᠴᠠ᠂ ᠮᠠᠨ ᠤ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠠᠯᠠᠭ᠎ᠠ ᠮᠥᠴᠢᠷ ᠤᠨ ᠬᠢᠨ ᠪᠠᠶᠢᠭᠤᠯᠤᠮᠵᠢ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠨ ᠲᠦᠮᠡᠨ ᠤ ᠳᠤᠮᠳᠠ ᠦᠨᠳᠦᠰᠦᠯᠡᠨ᠂ ᠠᠮᠢᠳᠤᠷᠠᠯ ᠳᠤ ᠰᠠᠭᠤᠷᠢᠯᠠᠵᠤ᠂ ᠤᠮᠠᠷᠠᠲᠤ ᠬᠢᠯᠢ ᠶᠢᠨ ᠰᠣᠶᠣᠯ ᠢ ᠠᠭᠤᠳᠠᠯᠤᠨ ᠪᠠᠳᠠᠷᠠᠭᠤᠯᠵᠤ᠂ ᠤᠳᠬ᠎ᠠ ᠵᠣᠬᠢᠶᠠᠯ ᠤᠷᠠᠯᠢᠭ ᠤᠨ ᠭᠡᠯᠪᠡᠷᠢ ᠪᠠᠷ ᠠᠯᠠᠱᠠ ᠶᠢᠨ ᠦᠯᠢᠭᠡᠷ ᠢ ᠰᠠᠶᠢᠲᠤᠷ ᠶᠠᠷᠢᠵᠤ᠂ ᠤᠳᠬ᠎ᠠ ᠤᠷᠠᠯᠢᠭ ᠤᠨ ᠬᠡᠪ ᠴᠢᠨᠠᠷ ᠪᠣᠯᠣᠨ ᠲᠤᠭ᠎ᠠ ᠬᠡᠮᠵᠢᠶᠡᠨ ᠤ ᠬᠤᠣᠰ ᠦᠰᠦᠷᠦᠯᠲᠡ ᠶᠢ ᠪᠡᠶᠡᠯᠡᠭᠦᠯᠵᠡᠢ᠃ ᠵᠥᠪᠭᠡᠨ 2024 ᠣᠨ ᠳᠤ ᠮᠠᠨ ᠤ ᠠᠶᠢᠮᠠᠭ ᠨᠠᠶᠢᠳᠠ 59 ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠡᠢ᠃ ᠤᠯᠠᠭᠠᠨᠮᠥ᠋ᠴᠢᠷ ᠤᠨ 4 ᠡ᠊ᠩᠨᠡᠭᠡ ᠮᠠᠯᠵᠢᠬᠤ ᠲᠠᠷᠢᠶᠠᠯᠠᠬᠤ ᠣᠷᠣᠨ᠂ ᠦᠢᠯᠡᠳᠪᠦᠷᠢ ᠠᠭᠤᠷᠬᠠᠢ᠂ ᠳᠤᠮᠳᠠᠳᠤ ᠪᠠᠭ᠎ᠠ ᠰᠤᠷᠭᠠᠭᠤᠯᠢ ᠳᠤ 530 ᠲᠠᠯᠠᠪᠠᠢ ᠤᠳᠠᠭ᠎ᠠ ᠶᠢᠨ ᠲᠣᠬᠯᠠᠯᠲᠠ ᠭᠠᠷᠭᠠᠵᠤ᠂ 30 ᠲᠦᠮᠡᠨ ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠤᠮᠠᠷᠠᠲᠤ ᠬᠢᠯᠢ ᠶᠢᠨ ᠰᠣᠶᠣᠯ ᠢ ᠦᠨᠳᠦᠰᠦᠨ ᠱᠠᠲᠤᠨ ᠳᠤ ᠤᠯᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠴᠦᠨ ᠢ ᠨᠢᠭᠲᠠᠷᠠᠭᠤᠯᠬᠤ ᠤᠶᠤᠨ ᠰᠠᠨᠠᠭᠠᠨ ᠤ ᠡᠬᠢ ᠪᠤᠯᠠᠭ ᠪᠤᠯᠭᠠᠬᠰᠠᠨ ᠪᠠᠶᠢᠨ᠎ᠠ᠃          ᠤᠮᠠᠷᠠᠲᠤ ᠬᠢᠯᠢ ᠶᠢᠨ ᠰᠣᠶᠣᠯ ᠨᠢ ᠡᠯᠪᠡᠭ ᠪᠠᠶᠠᠯᠢᠭ ᠠᠭᠤᠯᠬᠤᠨ ᠲᠠᠢ ᠪᠠᠶᠢᠳᠠᠭ᠂ ᠭᠡᠬᠦ ᠳᠡᠭᠡᠨ ᠲᠠᠷᠢᠶᠠᠯᠠᠬᠤ ᠰᠣᠶᠣᠯ ᠪᠣᠯ ᠲᠡᠭᠦᠨ ᠤ ᠳᠣᠲᠣᠷᠠᠬᠢ ᠴᠢᠬᠤᠯᠠ ᠪᠦᠷᠢᠯᠳᠦᠭᠦᠨ ᠬᠡᠰᠡᠭ ᠮᠥᠨ᠂ ᠭᠠᠴᠠᠭ᠎ᠠ ᠲᠣᠰᠬᠤᠨ ᠤ ᠳᠠᠭᠤᠤ ᠶᠢᠨ ᠤᠷᠤᠯᠳᠤᠭᠠᠨ ᠨᠢ ᠲᠠᠷᠢᠶᠠᠯᠠᠬᠤ ᠰᠣᠶᠣᠯ ᠤᠨ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠮᠠᠯᠴᠢᠨ ᠲᠠᠷᠢᠶᠠᠴᠢᠳ ᠤᠨ ᠬᠠᠮᠲᠤ ᠶᠢᠨ ᠰᠡᠳᠬᠢᠯ ᠤᠨ ᠲᠠᠭᠤᠨ ᠢ ᠢᠯᠡᠳᠬᠡᠵᠦ᠂ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠲᠦᠷᠦᠭᠦᠬᠡᠨ ᠶᠠᠪᠤᠭᠳᠠᠭᠰᠠᠨ ᠠᠯᠠᠱᠠ ᠵᠡᠭᠦᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠭᠠᠴᠠᠭ᠎ᠠ ᠲᠣᠰᠬᠤᠨ ᠤ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠪᠦᠭᠦ ᠬᠤᠰᠢᠭᠤᠨ ᠤ 11 ᠰᠤᠮᠤ ᠪᠠᠯᠭᠠᠰᠤᠨ ᠤ ᠮᠠᠯᠴᠢᠨ ᠲᠠᠷᠢᠶᠠᠴᠢᠨ ᠲᠠᠭᠤᠴᠢᠳ ᠣᠷᠣᠯᠴᠠᠵᠠᠢ᠃ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠯᠢ ᠼᠦᠩ᠂ ᠭᠠᠴᠠᠭ᠎ᠠ ᠲᠤᠰᠬᠤᠨ ᠤ ᠳᠠᠭᠤᠤ ᠶᠢᠨ ᠤᠷᠤᠯᠳᠤᠭᠠᠨ ᠢ ᠡᠷᠭᠢᠯᠡᠭᠰᠡᠨ ᠨᠢ ᠮᠠᠯᠴᠢᠨ ᠲᠠᠷᠢᠶᠠᠴᠢᠨ ᠳᠤ ᠥᠪᠡᠷ ᠤᠨ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠪᠠᠶᠢᠭᠤᠯᠤᠨ ᠥᠭᠴᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠭᠠᠴᠠᠭ᠎ᠠ ᠲᠣᠰᠬᠤᠨ ᠤ ᠳᠠᠭᠤᠤ ᠶᠢᠨ ᠰᠣᠶᠣᠯ ᠢ ᠨᠠᠩ ᠥᠷᠭᠡᠨ ᠠᠭᠤᠳᠠᠮ ᠲᠠᠪᠴᠠᠩ ᠳᠤ ᠭᠠᠷᠭᠠᠭᠰᠠᠨ ᠮᠥᠷᠲᠡᠭᠡᠨ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠭᠳᠠᠨ ᠬᠥᠭᠵᠢᠬᠦ ᠶᠢ ᠴᠦ ᠠᠬᠢᠭᠤᠯᠤᠭᠰᠠᠨ ᠪᠠᠶᠢᠨ᠎ᠠ ᠭᠡᠪᠡ᠃          ᠣᠶᠢᠷ᠎ᠠ ᠶᠢᠨ ᠡᠳᠦᠷ ᠤᠳ ᠲᠤ᠂ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠪᠦᠭᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠪᠠᠭᠤᠷᠢ ᠶᠢ ᠬᠠᠳᠠᠭᠠᠯᠠᠵᠤ ᠪᠠᠶᠢᠭ᠎ᠠ ᠪᠠᠶᠢᠳᠠᠯ᠂ ᠡᠷᠭᠢᠨ ᠲᠣᠭᠤᠷᠢᠨ ᠤ ᠣᠷᠴᠢᠨ ᠲᠣᠭᠤᠷᠢᠨ ᠤ ᠬᠤᠪᠢᠷᠠᠯᠲᠠ ᠵᠢᠴᠢ ᠵᠣᠷᠢᠭᠤᠳᠠ ᠡᠪᠳᠡᠭᠰᠡᠨ ᠦᠵᠡᠭᠳᠡᠯ ᠪᠠᠶᠢᠬᠤ ᠡᠰᠡᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠤᠨ᠂ ᠲᠡᠷᠡᠴᠢᠯᠡᠨ ᠵᠢᠯᠣᠭᠤᠴᠢ ᠦᠭᠡᠢ ᠨᠢᠰᠬᠡᠯ ᠢ ᠠᠰᠢᠭᠯᠠᠨ ᠬᠦᠷᠬᠦ ᠳᠤ ᠬᠦᠴᠢᠷ ᠣᠷᠣᠨ ᠪᠦᠰᠡ ᠳᠤ ᠪᠦᠭᠦ ᠲᠠᠯ᠎ᠠ ᠶᠢᠨ ᠬᠠᠶᠢᠨ ᠪᠠᠶᠢᠴᠠᠭᠠᠯᠲᠠ ᠬᠢᠭᠰᠡᠨ ᠪᠠᠶᠢᠨ᠎ᠠ᠃ ︽ᠪᠢᠳᠡ ᠳᠡᠭᠡᠳᠦ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠵᠢᠦᠢ ᠶᠠᠨ ᠤ ᠪᠠᠭᠤᠷᠢ ︱ ᠬᠠᠷ᠎ᠠ ᠬᠤᠳᠠ ᠶᠢᠨ ᠪᠠᠭᠤᠷᠢ ᠶᠢ ᠲᠣᠭᠠᠴᠢᠯᠠᠨ ᠬᠠᠶᠢᠨ ᠰᠢᠨᠵᠢᠯᠡᠵᠦ ᠰᠤᠳᠤᠯᠬᠤ᠂ ᠵᠢᠦᠢ ᠶᠠᠨ ᠤ ᠪᠠᠭᠤᠷᠢ ︱ ᠤᠯᠠᠭᠠᠨ ᠰᠦᠮ᠎ᠡ ᠶᠢᠨ ᠪᠠᠭᠤᠷᠢ ᠶᠢ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠵᠢᠦᠢ ᠶᠠᠨ ᠤ ᠪᠠᠭᠤᠷᠢ ᠶᠢ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠪᠡᠯᠡᠳᠬᠡᠯ ᠠᠵᠢᠯ ᠴᠤ ᠲᠣᠭᠲᠠᠭᠤᠨ ᠢᠶᠠᠷ ᠶᠠᠪᠤᠭᠳᠠᠵᠤ ᠪᠠᠶᠢᠨ᠎ᠠ︾ ᠭᠡᠵᠦ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠲᠡᠮᠦᠷ᠎ᠡ ᠰᠤᠷᠪᠤᠯᠵᠢᠯᠠᠬᠴᠢ ᠳᠤ ᠬᠡᠯᠡᠪᠡ᠃ ᠣᠶᠢᠷ᠎ᠠ ᠶᠢᠨ ᠵᠢᠯ ᠠᠴᠠ ᠮᠠᠨ ᠤ ᠠᠶᠢᠮᠠᠭ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠡ᠊ᠩᠨᠡᠭᠡ ᠶᠢ ᠪᠠᠶᠢᠭᠤᠯᠬᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠠᠯᠠᠱᠠ ᠶᠢᠨ ᠬᠢᠯᠢ ᠳᠣᠲᠣᠷᠠᠬᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠢ ᠤᠷᠳᠤ ᠬᠤᠭᠤᠴᠠᠭᠠᠨ ᠤ ᠬᠦᠴᠦᠨ  ᠲᠠᠢ᠂ ᠪᠦᠲᠦᠮᠵᠢᠲᠡᠢ ᠰᠠᠬᠢᠨ ᠬᠠᠮᠠᠭᠠᠯᠠᠭᠰᠠᠭᠠᠷ ᠢᠷᠡᠵᠠᠢ᠃          ᠰᠣᠶᠣᠯ ᠨᠢ ᠭᠠᠵᠠᠷ ᠣᠷᠣᠨ ᠤ ᠬᠥᠭᠵᠢᠯᠲᠡ ᠶᠢᠨ ᠤᠶᠤᠨ ᠰᠠᠨᠠᠭᠠᠨ ᠤ ᠴᠥᠮ᠎ᠡ ᠪᠣᠯᠤᠭᠰᠠᠨ ᠤ ᠬᠤᠪᠢ  ᠳᠤ᠂ ᠨᠢᠭᠲᠠᠷᠠᠯ ᠤᠨ ᠬᠦᠴᠦᠨ ᠤ ᠴᠢᠬᠤᠯᠠ ᠡᠬᠢ ᠪᠤᠯᠠᠭ ᠪᠤᠯᠬᠤ ᠪᠠᠷ ᠪᠠᠷᠠᠬᠤ ᠦᠭᠡᠢ᠂ ᠨᠡᠩ ᠴᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠬᠤ ᠶᠤᠮ᠃ ᠮᠠᠨ ᠤ ᠠᠶᠢᠮᠠᠭ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠠᠯᠠᠱᠠ ᠳᠠᠬᠢ ᠤᠮᠠᠷᠠᠲᠤ ᠬᠢᠯᠢ ᠶᠢᠨ ᠰᠣᠶᠣᠯ ᠤᠨ ᠬᠥᠭᠵᠢᠯᠲᠡ ᠶᠢᠨ ᠠᠮᠢᠨ ᠰᠤᠳᠠᠰᠤ ᠶᠢ ᠰᠢᠰᠲ᠋ᠧᠮ ᠲᠠᠢ ᠰᠤᠳᠤᠯᠤᠨ᠂ ᠡᠯᠪᠡᠭ ᠪᠠᠶᠠᠯᠢᠭ ᠲᠡᠦᠬᠡ ᠰᠣᠶᠣᠯ ᠪᠣᠯᠣᠨ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠣᠳᠣᠨ ᠤᠷᠠᠯᠢᠭ ᠤᠨ ᠪᠦᠲᠦᠭᠡᠯ ᠢ ᠳᠠᠰᠤᠷᠠᠯᠳᠠ ᠦᠭᠡᠢ ᠡᠭᠦᠳᠦᠨ᠂ ᠡᠯ᠎ᠡ ᠳᠦᠷᠦᠯ ᠤᠨ ᠳᠡᠯᠭᠡᠨ ᠦᠵᠡᠭᠦᠯᠭᠡ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠪᠠ ᠰᠣᠶᠣᠯ ᠤᠨ ᠰᠣᠯᠢᠯᠴᠠᠭ᠎ᠠ ᠳᠤ ᠢᠳᠡᠪᠬᠢᠲᠡᠢ ᠣᠷᠣᠯᠴᠠᠵᠤ᠂ ᠤᠮᠠᠷᠠᠲᠤ ᠬᠢᠯᠢ ᠶᠢᠨ ᠰᠣᠶᠣᠯ ᠢ ᠰᠣᠶᠣᠯ ᠵᠢᠭᠤᠯᠴᠢᠯᠠᠯ ᠪᠠᠶᠠᠷ ᠳᠤᠷᠠᠰᠬᠠᠯ ᠤᠨ ᠠᠵᠢᠯᠯᠠᠭ᠎ᠠ ᠪᠣᠯᠣᠨ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠲᠠᠢ ᠪᠦᠲᠦᠮᠵᠢᠲᠡᠢ ᠤᠶᠠᠯᠳᠤᠭᠤᠯᠤᠨ᠂ ᠤᠮᠠᠷᠠᠲᠤ ᠬᠢᠯᠢ ᠶᠢᠨ ᠰᠣᠶᠣᠯ ᠢ ᠬᠥᠮᠥᠰ ᠤᠨ ᠰᠡᠳᠬᠢᠯ ᠳᠤ ᠪᠠᠲᠤ ᠬᠠᠳᠠᠩᠰᠢᠭᠤᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号