| ᠲᠤᠰ ᠰᠣᠨᠢᠨ ᠤ ᠰᠤᠷᠪᠤᠯᠵᠢᠯᠠᠬᠴᠢ ᠸᠠᠩ ᠫᠢᠩ ᠨᠡᠷᠡᠨ᠎ᠡ | ᠲᠦᠷᠦᠭᠦᠬᠡᠨ ᠬᠤᠷᠠᠯᠳᠤᠭᠰᠠᠨ ᠪᠦᠭᠦ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠠᠴᠠ᠂ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠭᠦᠨᠵᠡᠭᠡᠢ ᠠᠬᠢᠭᠤᠯᠬᠤ ᠪᠣᠯ ᠤᠰᠤᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ ᠵᠠᠶᠢᠯᠠᠰᠢ ᠦᠭᠡᠢ ᠰᠣᠩᠭᠤᠯᠲᠠ ᠮᠥᠨ᠂ ᠮᠥᠨ ᠴᠦ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠦᠴᠦᠲᠡᠢ ᠲᠦᠰᠢᠭ ᠲᠤᠯᠭᠠᠭᠤᠷᠢ ᠮᠥᠨ ᠭᠡᠵᠦ ᠵᠢᠭᠠᠵᠤ | ᠭᠠᠷᠭᠠᠵᠠᠢ᠃ ᠣᠶᠢᠷ᠎ᠠ ᠶᠢᠨ ᠡᠳᠦᠷ ᠤᠳ ᠲᠤ᠂ ᠪᠦᠭᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ︽ᠤᠰᠤ ᠠᠷᠪᠢᠯᠠᠬᠤ ᠠᠵᠢᠯᠯᠠᠭ᠎ᠠ︾ ᠶᠢ ᠨᠠᠷᠢᠨ ᠬᠢᠨᠠᠮᠠᠭᠠᠢ ᠥᠷᠨᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠭᠦ ᠪᠠᠷ ᠵᠣᠷᠢᠭᠰᠠᠨ ᠪᠠᠶᠢᠨ᠎ᠠ᠃ | ᠴᠠᠭᠠᠨ ᠰᠠᠷ᠎ᠠ ᠥᠩᠭᠡᠷᠡᠮᠡᠭᠴᠡ ᠬᠤᠶᠠᠷᠬᠤᠳᠳᠤᠭ ᠤᠨ ᠬᠥᠳᠡᠭᠡ ᠶᠢᠨ ᠬᠠᠳᠤᠨ ᠭᠤᠣᠯ ᠤᠨ ᠤᠰᠤᠯᠠᠯᠲᠠ | ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠳ ᠬᠠᠪᠤᠷ ᠤᠨ ᠤᠰᠤᠯᠠᠯᠲᠠ ᠬᠢᠬᠦ ᠠᠴᠠ ᠡᠮᠦᠨᠡᠬᠢ | ᠲᠠᠷᠢᠶᠠᠨ ᠠᠵᠢᠯ ᠤᠨ ᠰᠡᠯᠡᠭᠦᠦ ᠴᠠᠭ ᠢ ᠠᠰᠢᠭᠯᠠᠨ᠂ ᠲᠠᠷᠢᠶᠠᠴᠢᠨ ᠡᠷᠥᠭᠡ ᠪᠠᠷ ᠭᠦᠨᠵᠡᠭᠡᠶᠢᠷᠡᠨ ᠤᠰᠤ ᠠᠷᠪᠢᠯᠠᠬᠤ | ᠤᠬᠠᠭᠤᠯᠭ᠎ᠠ ᠥᠷᠨᠢᠭᠦᠯᠵᠦ᠂ ᠤᠰᠤ ᠠᠷᠪᠢᠯᠠᠬᠤ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠨᠠᠷᠢᠨ | ᠲᠠᠶᠢᠯᠪᠤᠷᠢᠯᠠᠨ᠂ ᠤᠰᠤ ᠠᠷᠪᠢᠯᠠᠬᠤ ᠮᠡᠷᠭᠡᠵᠢᠯ ᠢ ᠲᠦᠭᠡᠮᠡᠯᠵᠢᠭᠦᠯᠵᠦ᠂ ᠲᠠᠷᠢᠶᠠᠴᠢᠨ ᠡᠷᠥᠭᠡ ᠶᠢ ᠬᠥᠲᠥᠯᠥᠨ | ᠵᠢᠯᠤᠭᠤᠳᠴᠤ ᠪᠠᠶᠢᠭᠠᠳ ᠤᠰᠤ ᠠᠷᠪᠢᠯᠠᠬᠤ ᠦᠵᠡᠯ ᠤᠬᠠᠮᠰᠠᠷ ᠢ ᠡᠳᠦᠷ ᠲᠤᠳᠤᠮ ᠤᠨ ᠠᠮᠢᠳᠤᠷᠠᠯ | ᠦᠢᠯᠡᠳᠪᠦᠷᠢᠯᠡᠯ ᠳᠤ ᠲᠤᠭᠤᠰᠢᠯᠠᠭᠤᠯᠬᠤ ᠶᠢ ᠠᠬᠢᠭᠤᠯᠵᠠᠢ᠃ ᠬᠤᠶᠠᠷᠬᠤᠳᠳᠤᠭ ᠤᠨ ᠬᠥᠳᠡᠭᠡ ᠶᠢᠨ | ᠤᠰᠤᠯᠠᠯᠲᠠ ᠶᠢᠨ ᠣᠷᠣᠨ ᠪᠣᠯ ᠪᠦᠭᠦ ᠠᠶᠢᠮᠠᠭ ᠤᠨ ᠬᠡᠪᠴᠢᠶᠡᠨ ᠳᠤ ᠬᠠᠳᠤᠨ ᠭᠤᠣᠯ ᠤᠨ ᠤᠰᠤ ᠶᠢ ᠬᠠᠮᠤᠭ ᠶᠡᠭᠡ | ᠪᠠᠷ ᠬᠡᠷᠡᠭᠯᠡᠵᠦ ᠪᠠᠶᠢᠭ᠎ᠠ ᠤᠰᠤᠯᠠᠯᠲᠠ ᠶᠢᠨ ᠣᠷᠣᠨ ᠪᠣᠯᠬᠤᠷ᠂ ᠵᠢᠯ ᠳᠡᠭᠡᠨ 4000 ᠲᠦᠮᠡᠨ ᠪᠣᠰᠤᠭ᠎ᠠ | ᠳᠥᠷᠪᠡᠯᠵᠢᠨ ᠮᠧᠲᠷ ᠬᠠᠳᠤᠨ ᠭᠤᠣᠯ ᠤᠨ ᠤᠰᠤ ᠶᠢ ᠲᠠᠷᠢᠶᠠᠯᠠᠩ ᠳᠤ ᠬᠡᠷᠡᠭᠯᠡᠳᠡᠭ᠃ 2012 ᠣᠨ ᠠᠴᠠ ᠡᠬᠢᠯᠡᠨ᠂ | ᠮᠠᠨ ᠤ ᠠᠶᠢᠮᠠᠭ ᠬᠤᠶᠠᠷᠬᠤᠳᠳᠤᠭ ᠤᠨ ᠤᠰᠤᠯᠠᠯᠲᠠ ᠶᠢᠨ ᠣᠷᠣᠨ ᠳᠤ ᠬᠡᠷᠡᠭᠵᠢᠭᠦᠯᠦᠭᠰᠡᠨ ᠤᠰᠤ ᠠᠷᠪᠢᠯᠠᠬᠤ | ᠥᠭᠡᠷᠡᠴᠢᠯᠡᠯᠲᠡ ᠶᠢᠨ ᠢᠨᠵᠧᠨᠧᠷᠢᠩ ᠳᠤ ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠤ᠂ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠂ | ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ 8.5 | ᠲᠦᠮᠡᠨ ᠮᠦ ᠲᠠᠷᠢᠶᠠᠨ ᠭᠠᠵᠠᠷ ᠲᠤ ᠴᠥᠮ ᠤᠰᠤ ᠠᠷᠪᠢᠯᠠᠬᠤ ᠤᠰᠤᠯᠠᠯᠲᠠ ᠶᠢ ᠪᠡᠶᠡᠯᠡᠭᠦᠯᠦᠭᠰᠡᠨ ᠪᠠᠶᠢᠨ᠎ᠠ᠃ | ᠰᠤᠷᠪᠤᠯᠵᠢᠯᠠᠬᠴᠢ ᠠᠯᠠᠱᠠ ᠠᠶᠢᠮᠠᠭ ᠤᠨ ᠱᠠᠩᠬᠠᠢ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ | ᠤᠨ ᠺᠤᠮᠫᠠᠨᠢ ᠳᠤ ᠬᠦᠷᠬᠦ ᠳᠤ᠂ ᠵᠢᠯ ᠳᠤ 300 ᠲᠦᠮᠡᠨ ᠲᠣᠨ ᠨᠡᠭᠦᠷᠡᠰᠦ ᠬᠡᠦᠷᠰᠢᠭᠦᠯᠬᠦ ᠢᠵᠢ ᠪᠦᠷᠢᠳᠦᠭᠦᠯᠬᠦ | 2×240th ᠬᠠᠭᠤᠷᠠᠢ ᠢᠶᠠᠷ ᠬᠡᠦᠷᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠷᠴᠢᠮᠲᠡᠢ | ᠶᠠᠪᠤᠭᠳᠠᠵᠤ ᠪᠠᠶᠢᠯ᠎ᠠ᠃ ᠬᠡᠦᠷᠰᠢᠭᠦᠯᠦᠭᠰᠡᠨ ᠦᠯᠡᠳᠡᠪᠦᠷᠢ ᠢᠯᠴᠢ ᠶᠢ ᠠᠰᠢᠭᠯᠠᠬᠤ ᠮᠡᠷᠭᠡᠵᠢᠯ ᠪᠣᠯ ᠦᠯᠡᠳᠡᠪᠦᠷᠢ | ᠢᠯᠴᠢ ᠶᠢ ᠡᠭᠡᠭᠦᠯᠦᠨ ᠬᠤᠷᠢᠶᠠᠬᠤ᠂ ᠤᠰᠤ ᠠᠷᠪᠢᠯᠠᠬᠤ ᠵᠡᠷᠭᠡ ᠮᠡᠷᠭᠡᠵᠢᠯ ᠢᠶᠠᠷ ᠳᠠᠮᠵᠢᠭᠤᠯᠤᠨ᠂ ᠡᠷᠭᠢᠯᠲᠡᠲᠦ | ᠬᠥᠷᠥᠭᠡᠯᠲᠡ ᠶᠢᠨ ᠤᠰᠤᠨ ᠤ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠯ ᠢ ᠪᠠᠭᠠᠰᠬᠠᠨ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠣᠬᠢᠷᠳᠤᠯ ᠦᠭᠡᠢ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠮᠡᠷᠭᠡᠵᠢᠯ ᠪᠣᠯᠣᠨ᠎ᠠ᠃ ᠺᠤᠮᠫᠠᠨᠢ ᠶᠢᠨ ᠦᠢᠯᠡᠳᠪᠦᠷᠢ ᠶᠢᠨ ᠲᠠᠰᠤᠭ ᠤᠨ ᠡᠷᠭᠢᠯᠡᠭᠴᠢ | ᠸᠠᠩ ᠶᠢᠨ ᠹᠠᠩ᠂ ᠲᠤᠰ ᠲᠦᠷᠦᠯ ᠵᠦᠢᠯ ᠳᠤ ᠣᠳᠣᠬᠠᠨ ᠨᠢᠭᠡᠨᠲᠡ 7.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠭᠤᠣᠯᠳᠠᠭᠤ ᠬᠤᠶᠠᠷ ᠢᠵᠢ ᠬᠠᠭᠤᠷᠠᠢ ᠬᠡᠦᠷᠡᠰᠦᠨ ᠵᠤᠤᠬ᠎ᠠ᠂ ᠬᠤᠶᠠᠷ ᠦᠯᠡᠳᠡᠪᠦᠷᠢ ᠢᠯᠴᠢ ᠶᠢᠨ | ᠵᠤᠤᠬ᠎ᠠ ᠵᠢᠴᠢ ᠢᠵᠢ ᠪᠦᠷᠢᠳᠦᠭᠰᠡᠨ ᠠᠭᠤᠷ ᠢᠶᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠪᠦᠲᠦᠭᠡᠨ | ᠪᠠᠶᠢᠭᠤᠯᠵᠤ᠂ ᠠᠰᠢᠭᠯᠠᠯᠲᠠ ᠳᠤ ᠣᠷᠣᠭᠰᠠᠨ ᠤ ᠲᠠᠷᠠᠭ᠎ᠠ ᠵᠢᠯ ᠪᠦᠷᠢ 100 ᠲᠦᠮᠡᠨ ᠲᠣᠨ ᠣᠷᠴᠢᠮ ᠤᠰᠤ | ᠠᠷᠪᠢᠯᠠᠤ᠂ ᠵᠢᠯ ᠪᠦᠷᠢ ᠶᠢᠨ ᠴᠠᠭᠢᠯᠭᠠᠨ ᠭᠠᠷᠭᠠᠬᠤ ᠬᠡᠮᠵᠢᠶ᠎ᠡ 4.8 ᠳ᠋ᠦᠩᠰᠢᠭᠤᠷ ᠭᠷᠡᠳᠦ᠋ᠰ ᠲᠤ ᠬᠦᠷᠬᠦ ᠪᠣᠯᠣᠨ᠎ᠠ | ᠭᠡᠪᠡ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠪᠣᠯ ᠤᠰᠤ ᠶᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠠᠵᠢᠯ ᠤᠨ ︽ᠭᠤᠣᠯᠳᠠᠯᠭ᠎ᠠ︾ ᠪᠣᠯᠣᠨ᠎ᠠ᠃ ᠣᠶᠢᠷ᠎ᠠ ᠶᠢᠨ ᠵᠢᠯ ᠠᠴᠠ᠂ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠢᠨ ᠤᠰᠤ ᠶᠡᠭᠡ ᠬᠤᠷᠣᠭᠳᠠᠭᠤᠯᠬᠤ | ᠠᠵᠢᠯ ᠲᠦᠷᠦᠯ ᠤᠨ ᠬᠠᠮᠢᠶᠠᠷᠤᠯᠲᠠ ᠡᠵᠡᠮᠳᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠤ ᠠᠬᠤᠶᠢᠯᠠᠯ ᠤᠨ | ᠤᠰᠤ ᠠᠷᠪᠢᠯᠠᠬᠤ ᠤᠷ᠎ᠠ ᠮᠡᠷᠭᠡᠰᠢᠯ ᠪᠣᠯᠣᠨ ᠮᠡᠷᠭᠡᠵᠢᠯ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠠᠵᠤ | ᠠᠬᠤᠶᠢᠯᠠᠯ ᠤᠨ ᠤᠰᠤ ᠬᠡᠷᠡᠭᠯᠡᠬᠦ ᠦᠷ᠎ᠡ ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ︽ᠤᠰᠤ ᠠᠷᠪᠢᠯᠠᠬᠤ | ᠠᠵᠢᠯᠯᠠᠭ᠎ᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠦᠷᠢᠶᠡᠯᠡᠩ ᠲᠣᠭᠤᠷᠢᠭ ᠲᠤ ᠪᠣᠳᠠᠲᠠᠢ | ᠨᠠᠶᠢᠳᠠᠪᠤᠷᠢᠵᠢᠭᠤᠯᠤᠭᠰᠠᠭᠠᠷ ᠢᠷᠡᠵᠠᠢ᠃ ᠨᠡᠭᠡᠭᠡᠯᠲᠡ ᠶᠢᠨ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠶᠠᠳᠤᠭᠠᠷ ᠳᠡᠰ ᠤᠨ ᠭᠤᠣᠯᠯᠠᠨ | ᠬᠠᠮᠢᠶᠠᠷᠤᠭᠴᠢ ᠰᠦ᠋ ᠰᠢᠤᠸᠠᠢ ᠹᠧᠩ ᠰᠤᠷᠪᠤᠯᠵᠢᠯᠠᠬᠴᠢ ᠳᠤ᠂ ᠪᠢᠳᠡ ᠠᠮᠢ ᠠᠬᠤᠢ ᠶᠢᠨ ᠬᠥᠭᠵᠢᠯᠲᠡ ᠶᠢᠨ ᠵᠣᠭᠰᠣᠴᠠ | ᠪᠠ ᠮᠡᠷᠭᠡᠵᠢᠯ ᠤᠨ ᠲᠠᠯ᠎ᠠ ᠠᠴᠠ ᠭᠠᠷᠳᠠᠵᠤ᠂ ᠤᠰᠤ ᠠᠷᠪᠢᠯᠠᠬᠤ ᠳᠠᠯᠳᠠ ᠬᠦᠴᠦᠨ ᠢ ᠰᠢᠨᠵᠢᠯᠡᠬᠦ ᠤᠬᠠᠭᠠᠨᠴᠢ ᠪᠠᠷ | ᠠᠭᠤᠳᠠᠯᠤᠨ᠂ ᠤᠰᠤ ᠠᠷᠪᠢᠯᠠᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ | ᠬᠡᠷᠡᠭᠯᠡᠬᠦ ᠭᠤᠣᠯ ᠴᠣᠭᠴᠠ ᠶᠢᠨ ᠤᠰᠤ ᠠᠷᠪᠢᠯᠠᠬᠤ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠨ᠂ | ᠠᠵᠤ ᠠᠬᠤᠶᠢᠯᠠᠯ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠨᠢᠭᠡ ᠪᠦᠯᠦᠭ ᠤᠰᠤ ᠠᠷᠪᠢᠯᠠᠬᠤ | ᠭᠡᠯᠪᠡᠷᠢ ᠶᠢᠨ ᠠᠵᠤ ᠠᠬᠤᠶᠢᠯᠠᠯ ᠤᠨ ᠰᠢᠨ᠎ᠡ ᠬᠡᠪ ᠳᠠᠭᠤᠷᠢᠶᠠᠯ ᠢ ᠲᠥᠪᠯᠡᠷᠡᠭᠦᠯᠦᠨ ᠴᠣᠭᠴᠠᠯᠠᠵᠤ ᠪᠤᠢ ᠭᠡᠯᠡ᠃ | ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠨᠢ ᠮᠥᠨ ᠴᠤ ᠤᠰᠤ ᠠᠷᠪᠢᠯᠠᠬᠤ | ᠠᠵᠢᠯᠯᠠᠭ᠎ᠠ ᠶᠢᠨ ᠭᠤᠣᠯᠳᠠᠯᠭ᠎ᠠ ᠶᠢᠨ ᠨᠢᠭᠡ ᠪᠣᠯᠣᠨ᠎ᠠ᠃ ᠣᠶᠢᠷ᠎ᠠ ᠶᠢᠨ ᠡᠳᠦᠷ᠂ ᠬᠤᠳᠠ ᠬᠥᠳᠡᠭᠡ ᠶᠢᠨ ᠤᠰᠤᠨ ᠤ | ᠶᠠᠪᠤᠳᠠᠯ ᠤᠨ ᠺᠤᠮᠫᠠᠨᠢ ᠶᠢᠨ ᠮᠡᠷᠭᠡᠵᠢᠯᠲᠡᠳ ᠪᠠᠶᠠᠨᠬᠤᠲᠠ ᠶᠢᠨ ᠽᠢ ᠶᠤᠸᠠᠨ ᠬᠤᠸᠠ ᠲᠢᠩ ᠰᠠᠭᠤᠭᠠᠯᠢ | ᠬᠤᠷᠢᠶᠠᠯᠠᠯ ᠳᠤ ᠬᠦᠷᠴᠦ ᠭᠠᠵᠠᠷ ᠳᠣᠣᠷᠠᠬᠢ ᠤᠰᠤ ᠭᠤᠭᠤᠵᠢᠭᠰᠠᠨ ᠬᠤᠭᠤᠯᠠᠢ ᠶᠢ ᠲᠤᠰᠬᠠᠢ ᠬᠡᠮᠵᠢᠭᠦᠷᠯᠢᠭ ᠢᠶᠠᠷ | ᠪᠠᠶᠢᠴᠠᠭᠠᠵᠤ ᠲᠣᠳᠣᠯᠠᠵᠤ ᠳᠠᠷᠤᠶᠢᠬᠠᠨ ᠵᠠᠰᠠᠵᠤ ᠰᠢᠨᠡᠳᠬᠡᠬᠦ ᠠᠷᠭ᠎ᠠ ᠠᠪᠴᠠᠯ ᠢᠶᠠᠨ ᠲᠣᠭᠲᠠᠭᠠᠵᠠᠢ᠃ ᠡᠨᠡ ᠬᠦ | ᠮᠡᠷᠭᠡᠵᠢᠯ ᠪᠣᠯ ᠣᠶᠤᠨᠲᠤ ᠤᠰᠤᠨ ᠤ ᠶᠠᠪᠤᠳᠠᠯ ᠤᠨ ᠨᠢᠭᠡᠳᠦᠭᠡᠷ ᠬᠤᠭᠤᠴᠠᠭᠠᠨ ᠤ ᠲᠣᠮᠣ ᠳ᠋ᠠᠶᠢᠲ᠋ᠠ ᠶᠢᠨ | ᠲᠠᠪᠴᠠᠩ ᠤᠨ ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠰᠢᠰᠲ᠋ᠧᠮ ᠤᠨ ᠣᠶᠤᠨᠴᠢ ᠵᠠᠳᠠᠯᠤᠯᠲᠠ ᠳᠤ | ᠲᠦᠰᠢᠭᠯᠡᠭᠡᠳ ᠭᠠᠷᠭᠠᠭᠰᠠᠨ ᠦᠷ᠎ᠡ ᠳ᠋ᠦᠩ ᠮᠥᠨ᠃ 2024 ᠣᠨ ᠳᠤ᠂ ᠠᠯᠠᠱᠠ ᠵᠡᠭᠦᠨ ᠬᠤᠰᠢᠭᠤᠨ ᠤ ᠬᠤᠲᠠ | ᠬᠥᠳᠡᠭᠡ ᠶᠢᠨ ᠤᠰᠤᠨ ᠤ ᠶᠠᠪᠤᠳᠠᠯ ᠤᠨ ᠺᠤᠮᠫᠠᠨᠢ ᠪᠠᠶᠠᠨᠬᠤᠲᠠ ᠶᠢᠨ ᠤᠰᠤᠨ ᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ 4 ᠵᠦᠢᠯ ᠤᠨ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠪᠠᠶᠠᠨᠬᠤᠲᠠ ᠣᠷᠣᠨ ᠤ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠬᠤ᠂ ᠪᠣᠷᠣᠭᠠᠨ ᠤ | ᠤᠰᠤᠨ ᠤ ᠭᠠᠳᠠᠭᠰᠢᠯᠠᠭᠤᠯᠤᠯᠲᠠ ᠰᠠᠭᠠᠳ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠂ ᠣᠯᠠᠨ | ᠲᠦᠮᠡᠨ ᠤ ᠤᠰᠤᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠭᠰᠠᠨ ᠪᠠᠶᠢᠨ᠎ᠠ᠃ ︽ᠣᠳᠣᠬᠠᠨ ᠳᠤ | ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠨᠢᠭᠡᠨᠲᠡ ᠳᠠᠭᠤᠰᠬᠠᠪᠠ᠂ ᠪᠢᠳᠡ ᠠᠯᠠᠱᠠ ᠵᠡᠭᠦᠨ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ | ᠦᠷᠭᠦᠯᠵᠢᠯᠡᠨ ᠨᠢᠭᠲᠠ ᠬᠠᠷᠢᠯᠴᠠᠵᠤ ᠪᠠᠶᠢᠭᠠᠳ ᠲᠠᠷᠠᠭᠠᠴᠢ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠂ | ᠵᠢᠱᠢᠯᠲᠡ ᠪᠠᠷ 2025 ᠣᠨ ᠤ ᠡᠴᠦᠰ ᠲᠤ ᠪᠦᠭᠦᠨ ᠢ ᠪᠠᠶᠢᠭᠤᠯᠵᠤ ᠳᠠᠭᠤᠰᠬᠠᠨ᠎ᠠ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠶᠢ ᠭᠤᠣᠯᠴᠢᠯᠠᠨ ᠬᠠᠮᠢᠶᠠᠷᠬᠤ | ᠲᠣᠣᠷ ᠵᠢᠴᠢ ᠤᠰᠤᠨ ᠬᠤᠭᠤᠯᠠᠢ ᠪᠤᠶᠤ ᠨᠡᠭᠡᠭᠡᠯᠭᠡ ᠬᠠᠭᠠᠯᠭ᠎ᠠ ᠶᠢᠨ ᠬᠠᠭᠤᠴᠢᠷᠠᠬᠤ ᠪᠠ ᠤᠰᠤ ᠭᠤᠭᠤᠵᠢᠬᠤ ᠵᠡᠷᠭᠡ | ᠠᠰᠠᠭᠤᠳᠠᠯ ᠢ ᠰᠢᠢᠳᠪᠦᠷᠢᠯᠡᠵᠦ᠂ ᠰᠡᠯᠪᠢᠨ ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠂ ᠭᠤᠭᠤᠵᠢᠵᠤ ᠬᠤᠬᠢᠷᠠᠬᠤ | ᠨᠣᠷᠮ᠎ᠠ ᠶᠢ ᠪᠠᠭᠤᠷᠠᠭᠤᠯᠵᠤ᠂ ᠤᠰᠤ ᠶᠢ ᠠᠷᠪᠢᠯᠠᠨ ᠬᠡᠷᠡᠭᠯᠡᠬᠦ᠂ ᠤᠰᠤ ᠬᠠᠩᠭᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠵᠣᠷᠢᠯᠭ᠎ᠠ ᠳᠤ ᠬᠦᠷᠴᠦ ᠴᠢᠳᠠᠨ᠎ᠠ᠃ ᠡᠭᠦᠨ ᠤ ᠬᠠᠮᠲᠤ᠂ ᠤᠰᠤᠨ ᠤ ᠴᠢᠨᠠᠷ᠂ ᠤᠰᠤᠨ ᠤ ᠡᠬᠢ | ᠰᠤᠷᠪᠤᠯᠵᠢ ᠶᠢ ᠪᠦᠭᠦ ᠲᠠᠯ᠎ᠠ ᠪᠠᠷ ᠬᠢᠨᠠᠨ ᠬᠡᠮᠵᠢᠬᠦ ᠪᠠ ᠵᠠᠳᠠᠯᠤᠨ ᠰᠢᠨᠵᠢᠯᠡᠬᠦ ᠶᠢ ᠪᠡᠶᠡᠯᠡᠭᠦᠯᠵᠦ᠂ ᠥᠨᠳᠥᠷ | ᠳᠠᠪᠬᠤᠷᠭ᠎ᠠ ᠳᠤ ᠰᠠᠭᠤᠵᠤ ᠪᠠᠶᠢᠭ᠎ᠠ ᠰᠠᠭᠤᠭᠠᠯᠢ ᠠᠷᠠᠳ ᠤᠨ ᠲᠦᠭᠡᠭᠡᠯ ᠤᠰᠤᠨ ᠤ ᠳᠠᠷᠤᠯᠲᠠ ᠠᠨᠢ ᠪᠠᠶᠢᠭ᠎ᠠ | ᠠᠰᠠᠭᠤᠳᠠᠯ ᠢ ᠴᠤ ᠪᠦᠲᠦᠮᠵᠢᠳᠡᠢ ᠰᠢᠢᠳᠪᠦᠷᠢᠯᠡᠵᠦ ᠴᠢᠳᠠᠨ᠎ᠠ︾ ᠭᠡᠵᠦ ᠠᠯᠠᠱᠠ ᠵᠡᠭᠦᠨ ᠬᠤᠰᠢᠭᠤᠨ ᠤ ᠬᠤᠲᠠ | ᠬᠥᠳᠡᠭᠡ ᠶᠢᠨ ᠤᠰᠤᠨ ᠤ ᠶᠠᠪᠤᠳᠠᠯ ᠤᠨ ᠺᠤᠮᠫᠠᠨᠢ ᠶᠢᠨ ᠶᠡᠷᠦᠩᠬᠡᠢ ᠳᠠᠭᠠᠭᠠᠮᠠᠯ ᠱᠢ ᠫᠧᠢ ᠬᠤᠩ ᠲᠠᠨᠢᠯᠴᠠᠭᠤᠯᠤᠯ᠎ᠠ᠃ | ᠡᠨᠡ ᠵᠢᠯ᠂ ᠮᠠᠨ ᠤ ᠠᠶᠢᠮᠠᠭ 100 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠲᠠᠷᠢᠶᠠᠯᠠᠩ ᠤᠨ | ᠤᠰᠤ ᠠᠷᠪᠢᠯᠠᠬᠤ᠂ 140 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠵᠤ ᠦᠢᠯᠡᠳᠪᠦᠷᠢ ᠶᠢᠨ ᠤᠰᠤ | ᠠᠷᠪᠢᠯᠠᠬᠤ᠂ ᠬᠤᠲᠠ ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ᠂ 310 ᠲᠦᠮᠡᠨ ᠪᠣᠰᠤᠭ᠎ᠠ ᠳᠥᠷᠪᠡᠯᠵᠢᠨ | ᠮᠧᠲᠷ ᠤᠨ ᠡ᠊ᠩ ᠤᠨ ᠪᠤᠰᠤ ᠤᠰᠤᠨ ᠤ ᠬᠠᠩᠭᠠᠯᠭ᠎ᠠ ᠶᠢ 455 ᠲᠦᠮᠡᠨ ᠪᠣᠰᠤᠭ᠎ᠠ ᠳᠥᠷᠪᠡᠯᠵᠢᠨ ᠮᠧᠲᠷ | ᠨᠡᠮᠡᠭᠳᠡᠭᠦᠯᠬᠦ ᠪᠠᠷ ᠲᠥᠯᠥᠪᠯᠡᠵᠦ ᠪᠤᠶ᠃ ᠪᠦᠭᠦ ᠠᠶᠢᠮᠠᠭ ᠢᠶᠠᠷ ᠢᠶᠠᠨ ︽ᠤᠰᠤ ᠪᠠᠷ ᠳᠥᠷᠪᠡ ᠶᠢ ᠲᠣᠭᠲᠠᠭᠠᠬᠤ︾ ᠶᠢ | ᠪᠠᠷᠢᠮᠲᠠᠯᠠᠵᠤ᠂ ᠨᠡᠩ ᠡᠷᠡᠰ ᠪᠠᠲᠤ ᠵᠣᠷᠢᠭ ᠢᠶᠠᠷ ᠤᠰᠤ ᠠᠷᠪᠢᠯᠠᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ | ᠬᠡᠷᠡᠭᠯᠡᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠪᠣᠯᠣᠨ ᠲᠦᠪᠰᠢᠨ ᠢ | ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠥᠮᠥᠨ ᠪᠦᠭᠦᠨ ᠤᠰᠤ ᠠᠷᠪᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠵᠤ᠂ ᠤᠰᠤ ᠠᠷᠪᠢᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ | ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ | ᠣᠶᠢᠷ᠎ᠠ ᠳᠤ᠂ ᠱᠠᠨᠳᠦ᠋ᠩ ᠮᠤᠵᠢ ᠶᠢᠨ ᠸᠧᠢ ᠹᠠᠩ ᠬᠤᠲᠠ ᠶᠢᠨ ᠴᠠᠭᠠᠰᠤᠨ ᠰᠢᠪᠠᠭᠤᠨ ᠤ ᠠᠵᠤ | ᠠᠬᠤᠶᠢᠯᠠᠯ ᠴᠠᠭᠠᠰᠤᠨ ᠰᠢᠪᠠᠭᠤᠨ ᠤ ᠦᠢᠯᠡᠳᠬᠦᠨ ᠦᠢᠯᠡᠳᠪᠦᠷᠢᠯᠡᠨ᠂ᠬᠠᠪᠤᠷ ᠤᠨ ᠤᠯᠠᠷᠢᠯ ᠤᠨ ᠴᠠᠭᠠᠰᠤᠨ | ᠰᠢᠪᠠᠭᠤᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠪᠠᠷ ᠶᠠᠭᠠᠷᠠᠯᠲᠠᠢ ᠠᠵᠢᠯᠯᠠᠵᠤ ᠪᠠᠶᠢᠨ᠎ᠠ ᠃ ᠸᠧᠢ | ᠹᠠᠩ ᠬᠤᠳᠠ ᠳᠤ ᠴᠠᠭᠠᠰᠤᠨ ᠰᠢᠪᠠᠭᠤᠨ ᠤ ᠠᠵᠤ ᠠᠬᠤᠶᠢᠯᠠᠯ ᠨᠡᠶᠢᠳᠡ 600 ᠭᠠᠷᠤᠢ ᠪᠠᠶᠢᠵᠤ᠂ 8 ᠲᠦᠮᠡ ᠰᠢᠬᠠᠮ | ᠬᠥᠮᠥᠨ ᠠᠵᠢᠯᠯᠠᠵᠤ᠂ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ ᠨᠢ 20 ᠭᠠᠷᠤᠢ ᠳ᠋ᠦᠩᠰᠢᠭᠤᠷ ᠲᠥᠭᠦᠷᠢᠭ ᠲᠤ | ᠬᠦᠷᠴᠦ᠂ ᠪᠦᠲᠦᠭᠡᠭᠳᠡᠬᠦᠨ ᠨᠢ 50 ᠭᠠᠷᠤᠢ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃ | |