| | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ ᠤ 13 ᠭᠠᠴᠠᠭ᠎ᠠ ᠲᠤᠰᠬᠤᠨ 1 ᠪᠠᠯᠭᠠᠰᠤ 2025 ᠣᠨ ᠤ ᠪᠦᠭᠦ ᠤᠯᠤᠰ ᠤᠨ ︽ᠲᠣᠰᠬᠤᠨ ᠤ | ᠦᠳᠡᠰᠢᠯᠡᠭᠡ︾ ᠶᠢᠨ ᠵᠢᠱᠢᠶ᠎ᠡ ᠦᠵᠡᠭᠦᠯᠭᠦ ᠳᠡᠯᠭᠡᠨ ᠦᠵᠡᠭᠦᠯᠭᠡ ᠶᠢᠨ ᠴᠡᠭ ᠢᠶᠠᠷ ᠰᠣᠩᠭᠤᠭᠳᠠᠪᠠ᠃ | ᠣᠶᠢᠯᠠᠭᠠᠭᠰᠠᠨ ᠢᠶᠠᠷ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠰᠢᠶᠣᠣ ᠵᠢᠶᠧ ᠵᠢᠢ ᠪᠠᠯᠭᠠᠰᠤ | ᠶᠢᠨ ᠵᠤᠤ ᠭᠧᠨ ᠲᠣᠰᠬᠤᠨ᠂ ᠣᠷᠳᠣᠰ ᠬᠤᠲᠠ ᠶᠢᠨ ᠦᠦᠰᠢᠨ ᠬᠤᠰᠢᠭᠤᠨ ᠤ ᠭᠠᠯᠠᠭᠤᠲᠤ ᠪᠠᠯᠭᠠᠰᠤ᠂ ᠪᠠᠶᠠᠨᠨᠠᠭᠤᠷ | ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤ ᠶᠢᠨ ᠭᠦᠩ ᠤᠨ ᠲᠠᠷᠢᠶ᠎ᠠ | ᠲᠣᠰᠬᠤᠨ ᠪᠦᠭᠦ ᠤᠯᠤᠰ ᠤᠨ ᠴᠠᠭᠠᠨ ᠰᠠᠷ᠎ᠠ ᠶᠢᠨ ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠭᠦ | ᠳᠡᠯᠭᠡᠨ ᠦᠵᠡᠭᠦᠯᠭᠡ ᠶᠢᠨ ᠴᠡᠭ ᠢᠶᠠᠷ ᠰᠣᠩᠭᠤᠭᠳᠠᠪᠠ᠃ ᠭᠦᠭᠡᠬᠤᠲᠠ ᠶᠢᠨ ᠲᠣᠭᠲᠠᠬᠤ ᠰᠢᠶᠠᠨ ᠤ ᠬᠤᠤ ᠵᠢᠶᠠ | ᠶᠣᠣ ᠲᠣᠰᠬᠤᠨ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠸᠠᠨ ᠱᠦᠢ ᠴᠢᠤᠸᠠᠨ ᠪᠠᠯᠭᠠᠰᠤ ᠶᠢᠨ ᠵᠢᠷᠤᠭᠴᠢᠨ ᠲᠣᠰᠬᠤᠨ᠂ ᠤᠯᠠᠭᠠᠨᠬᠠᠳᠠ | ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ ᠰᠤᠮᠤ ᠶᠢᠨ ᠴᠠᠭᠠᠬᠤᠰᠤ ᠭᠠᠴᠠᠭ᠎ᠠ ᠪᠦᠭᠦ ᠤᠯᠤᠰ | ᠤᠨ ᠬᠠᠪᠤᠷ ᠤᠨ ᠤᠯᠠᠷᠢᠯ ᠤᠨ ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠭᠦ ᠳᠡᠯᠭᠡᠨ ᠦᠵᠡᠭᠦᠯᠭᠡ | ᠶᠢᠨ ᠴᠡᠭ ᠢᠶᠠᠷ ᠰᠣᠩᠭᠤᠭᠳᠠᠵᠤ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ | ᠠᠯᠳ᠋ᠬᠠᠮᠡᠭᠡᠯ ᠪᠠᠯᠭᠠᠰᠤ ᠶᠢᠨ ᠰᠠᠶᠢᠬᠠᠨᠭᠦ᠋ᠷᠢᠶᠡ ᠭᠠᠴᠠᠭ᠎ᠠ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠥᠪᠥᠷᠵᠢᠯᠠᠭ᠎ᠠ ᠭᠠᠴᠠᠭ᠎ᠠ᠂ ᠣᠷᠳᠣᠰ ᠬᠤᠲᠠ ᠶᠢᠨ ᠬᠠᠩᠭᠢᠨ | ᠬᠤᠰᠢᠭᠤᠨ ᠤ ᠶᠡᠬᠡᠤ᠋ᠰᠤ ᠰᠤᠮᠤ ᠶᠢᠨ ᠰᠢᠷᠠᠮᠥ᠋ᠷᠡᠨ ᠭᠠᠴᠠᠭ᠎ᠠ ᠪᠦᠭᠦ ᠤᠯᠤᠰ ᠤᠨ ᠵᠣᠨ ᠤ ᠤᠯᠠᠷᠢᠯ ᠤᠨ ︽ | ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠭᠦ ᠳᠡᠯᠭᠡᠨ ᠦᠵᠡᠭᠦᠯᠭᠡ ᠶᠢᠨ ᠴᠡᠭ ᠢᠶᠠᠷ ᠰᠣᠩᠭᠤᠭᠳᠠᠵᠤ᠂ | ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤ ᠶᠢᠨ ᠬᠡᠪᠲᠡᠭᠡ ᠬᠠᠶᠢᠯᠠᠰᠤ ᠭᠠᠴᠠᠭ᠎ᠠ᠂ | ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠬᠠᠩᠭᠤᠷᠭᠤᠤᠯ ᠪᠠᠯᠭᠠᠰᠤ ᠶᠢᠨ ᠡᠷᠭᠢᠴᠢᠨ ᠭᠠᠴᠠᠭ᠎ᠠ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ | ᠤ ᠴᠠᠭᠠᠨᠮᠥ᠋ᠷᠡᠨ ᠰᠤᠮᠤ ᠶᠢᠨ ᠬᠥᠲᠥᠯ ᠭᠠᠴᠠᠭ᠎ᠠ ᠪᠦᠭᠦ ᠤᠯᠤᠰ ᠤᠨ ᠨᠠᠮᠤᠷ ᠤᠨ ᠤᠯᠠᠷᠢᠯ ᠤᠨ ︽ᠲᠣᠰᠬᠤᠨ ᠤ | ᠦᠳᠡᠰᠢᠯᠡᠭᠡ︾ ᠶᠢᠨ ᠵᠢᠱᠢᠶ᠎ᠡ ᠦᠵᠡᠭᠦᠯᠭᠦ ᠳᠡᠯᠭᠡᠨ ᠦᠵᠡᠭᠦᠯᠭᠡ ᠶᠢᠨ ᠴᠡᠭ ᠢᠶᠠᠷ ᠰᠣᠩᠭᠤᠭᠳᠠᠵᠤ᠂ ᠪᠤᠭᠤᠲᠤ | ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ | ᠤᠨ ᠸᠠᠨ ᠱᠦᠢ ᠴᠢᠤᠸᠠᠨ ᠪᠠᠯᠭᠠᠰᠤ ᠶᠢᠨ ᠵᠢᠷᠤᠭᠴᠢᠨ ᠲᠣᠰᠬᠤᠨ᠂ ᠬᠥᠯᠥᠨ ᠪᠤᠶᠢᠷ ᠬᠤᠲᠠ ᠶᠢᠨ ᠣᠯᠭᠤᠶᠠ | ᠡᠸᠡᠩᠬᠢ ᠦᠨᠳᠦᠰᠦᠲᠡᠨ ᠤ ᠰᠢᠶᠠᠩ ᠤᠨ ᠣᠯᠭᠤᠶᠠ ᠲᠣᠰᠬᠤᠨ᠂ ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠤ | ᠭᠤᠷᠪᠠᠨᠬᠤᠸᠠ ᠰᠤᠮᠤ ᠶᠢᠨ ᠵᠢᠷᠭᠤᠭᠠᠨ ᠪᠠᠶᠢᠰᠢᠩ ᠭᠠᠴᠠᠭ᠎ᠠ ᠪᠦᠭᠦ ᠤᠯᠤᠰ ᠤᠨ ᠡᠪᠦᠯ ᠤᠨ ᠤᠯᠠᠷᠢᠯ ᠤᠨ ︽ | ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠭᠦ ᠳᠡᠯᠭᠡᠨ ᠦᠵᠡᠭᠦᠯᠭᠡ ᠶᠢᠨ ᠴᠡᠭ ᠢᠶᠠᠷ ᠰᠣᠩᠭᠤᠭᠳᠠᠪᠠ᠃ | ᠣᠶᠢᠷ᠎ᠠ ᠶᠢᠨ ᠵᠢᠯ ᠳᠤ ᠮᠠᠨ ᠤ ᠣᠷᠣᠨ ᠡᠯᠪᠡᠭ ᠪᠠᠶᠠᠯᠢᠭ ᠣᠯᠠᠨ ᠶᠠᠩᠵᠤ ᠶᠢᠨ ᠥᠪᠡᠷᠮᠢᠴᠡ ᠣᠨᠴᠠᠯᠢᠭ | ᠪᠦᠬᠦᠢ ᠬᠥᠳᠡᠭᠡ ᠲᠣᠰᠬᠤᠨ ᠤ ᠰᠣᠶᠣᠯ ᠤᠨ ᠡᠬᠢ ᠪᠠᠶᠠᠯᠢᠭ ᠲᠤ ᠲᠦᠰᠢᠭᠯᠡᠨ ᠬᠥᠳᠡᠭᠡ ᠲᠣᠰᠬᠤᠨ ᠢᠶᠠᠷ ᠲᠡᠩᠭᠡᠯᠢᠭ | ᠪᠤᠯᠭᠠᠵᠤ᠂ ᠪᠦᠭᠦ ᠤᠯᠤᠰ ᠢᠶᠠᠷ ᠢᠶᠠᠨ ᠬᠤᠯᠪᠤᠭᠠᠯᠠᠨ ᠬᠥᠳᠡᠯᠦᠯᠴᠡᠵᠦ᠂ ᠪᠦᠭᠦ ᠠᠷᠠᠳ ᠢᠶᠠᠷ ᠢᠶᠠᠨ ᠣᠷᠣᠯᠴᠠᠬᠰᠠᠨ | ᠪᠦᠭᠦ ᠤᠯᠤᠰ ᠤᠨ ︽ᠲᠦᠷᠪᠡᠨ ᠤᠯᠠᠷᠢᠯ ᠤᠨ ᠲᠣᠰᠬᠤᠨ ᠤ ᠦᠳᠡᠰᠢᠯᠡᠭᠡ︾ ᠶᠢᠨ ᠳᠡᠯᠭᠡᠨ ᠦᠵᠡᠭᠦᠯᠭᠦ ᠠᠵᠢᠯᠯᠠᠭ᠎ᠠ | ᠶᠢ ᠵᠠᠯᠭᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶᠢᠨ | ᠦᠵᠡᠭᠴᠢ 1100 ᠲᠦᠮᠡᠨ ᠬᠥᠮᠥᠨ ᠤᠳᠠᠭ᠎ᠠ ᠶᠢ ᠳᠠᠪᠠᠵᠠᠢ᠃ | |