ᠪᠢᠳᠠ ᠬᠠᠶᠢᠨᠠᠨ ᠮᠤᠵᠢ ᠳᠤ ᠳᠤᠯᠠᠭᠠᠬᠠᠨ ᠰᠢᠨᠡᠯᠡᠯ᠎ᠠ
ᠨᠡᠶᠢᠲᠡᠯᠡᠭᠰᠡᠨ ᠴᠠᠭ᠄
2025/5/21
                     ᠰᠤᠷᠪᠤᠯᠵᠢᠯᠠᠬᠴᠢ ᠶᠠᠩ ᠭᠤᠸ᠎ᠠ          ᠴᠠᠭᠠᠨ ᠰᠠᠷ᠎ᠠ ᠠᠷᠤ ᠭᠡᠷ ᠲᠡᠭᠡᠨ ᠬᠠᠷᠢᠵᠤ ᠠᠪᠤ ᠡᠵᠢ ᠠᠬ᠎ᠠ ᠳᠡᠭᠦᠦ ᠰᠠᠳᠤᠨ ᠲᠠᠢ ᠪᠠᠨ ᠬᠠᠮᠲᠤ ᠰᠢᠨᠡᠯᠡᠬᠦ ᠨᠢ ᠬᠥᠮᠥᠰ ᠤᠨ ᠬᠦᠰᠡᠯ ᠪᠠᠶᠢᠭᠰᠠᠨ ᠪᠣᠯ ᠭᠠᠳᠠᠭᠰᠢ ᠭᠠᠷᠴᠤ ᠲᠣᠭᠤᠷᠢᠨ ᠵᠤᠭᠠᠴᠠᠵᠤ ᠰᠢᠨᠡᠯᠡᠬᠦ ᠨᠢ ᠪᠠᠰᠠ ᠴᠦ ᠬᠥᠮᠥᠰ ᠤᠨ ᠰᠢᠨ᠎ᠡ ᠰᠣᠩᠭᠤᠯᠲᠠ ᠪᠣᠯᠵᠠᠢ᠃ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠶᠢᠨ ᠲᠥᠪ ᠤᠨ ᠪᠦᠷᠢᠳᠬᠡᠭᠰᠡᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠤᠯᠤᠰ ᠨᠡᠶᠢᠲᠡ 5.01ᠳ᠋ᠦᠩᠰᠢᠭᠤᠷ ᠬᠥᠮᠥᠨ ᠤᠳᠠᠭᠠᠨ ᠤ ᠵᠤᠭᠠᠴᠠᠭᠰᠠᠳ ᠢ ᠭᠥᠯᠢᠶᠡᠨ ᠠᠪᠴᠤ᠂ 6770.02 ᠳ᠋ᠦᠩᠰᠢᠭᠤᠷ ᠲᠥᠭᠦᠷᠢᠭ ᠤᠨ ᠤᠷᠤᠯᠭ᠎ᠠ ᠶᠢ ᠡᠭᠦᠳᠦᠭᠰᠡᠨ ᠪᠠᠶᠢᠨ᠎ᠠ᠃          ᠵᠢᠭᠤᠯᠴᠢᠯᠠᠯ ᠤᠨ ᠲᠠᠷᠬᠠᠨ ᠣᠷᠣᠨ ᠪᠣᠯᠤᠭᠰᠠᠨ ᠬᠠᠶᠢᠨᠠᠨ ᠠᠷᠠᠯ ᠨᠢ ᠡᠷᠳᠡᠨᠢᠴᠢᠯᠠᠭᠤ᠂ ᠨᠠᠷᠠᠨᠬᠦᠦ᠂ᠴᠣᠯᠮᠣᠨ᠂ᠣᠳᠣᠩᠭᠤᠸ᠎ᠠ᠂ ᠲᠤᠩᠭᠠᠯᠠᠭ ᠵᠡᠷᠭᠡ ᠬᠥᠮᠥᠰ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠴᠤ ᠲᠣᠭᠤᠷᠢᠨ ᠵᠤᠭᠠᠴᠠᠬᠤ ᠲᠡᠷᠢᠭᠦᠨ ᠰᠣᠩᠭᠤᠯᠲᠠ ᠪᠣᠯᠵᠠᠢ᠃ ᠡᠷᠳᠡᠨᠢᠴᠢᠯᠠᠭᠤ ᠨᠠᠷᠠᠨᠬᠦᠦ ᠬᠤᠶᠠᠭᠤᠯᠠ ᠪᠣᠯ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠦᠨᠡᠭᠡᠲᠦ ᠭᠠᠴᠠᠭ᠎ᠠ ᠪᠠᠷ ᠨᠤᠲᠤᠭᠲᠠᠢ᠂ ᠥᠬᠢᠨ ᠪᠠᠶ᠋ᠢ ᠨᠢ ᠬᠠᠶᠢᠨᠠᠨ ᠮᠤᠵᠢ ᠶᠢᠨ ᠰᠠᠨᠶᠠ ᠶᠡᠭᠡ ᠰᠤᠷᠭᠠᠭᠤᠯᠢ ᠳᠤ ᠨᠡᠶᠢᠭᠡᠮ ᠵᠦᠢ ᠶᠢᠨ ᠪᠠᠭᠰᠢ ᠪᠠᠷ ᠠᠵᠢᠯᠯᠠᠵᠤ ᠪᠠᠶᠢᠳᠠᠭ᠃ ᠤᠤᠯ ᠨᠢ ᠪᠠᠶ᠋ᠢ ᠵᠢᠯ ᠪᠦᠷᠢ ᠨᠤᠲᠤᠭ ᠲᠠᠭᠠᠨ ᠬᠠᠷᠢᠵᠤ ᠰᠢᠨᠡᠯᠡᠳᠡᠭ᠂ ᠡᠨᠡ ᠵᠢᠯ ᠲᠡᠷᠡᠪᠡᠷ ᠠᠪᠤ ᠡᠵᠢ᠂ ᠠᠬ᠎ᠠ ᠪᠡᠷᠭᠡᠨ ᠂ ᠠᠴᠢ ᠬᠡᠦᠬᠡᠨ ᠢᠶᠠᠨ ᠬᠠᠶᠢᠨᠠᠨ ᠮᠤᠵᠢ ᠳᠤ ᠤᠷᠢᠨ ᠬᠠᠮᠲᠤ ᠪᠠᠷ ᠰᠢᠨᠡᠯᠡᠵᠡᠢ᠃ ︽ᠡᠨᠡ ᠵᠢᠯ ᠬᠦᠦ ᠬᠡᠦᠬᠡᠨ ᠤ ᠪᠠᠨ ᠠᠴᠢ ᠪᠠᠷ ᠲᠠᠯᠠᠢ ᠦᠵᠡᠵᠦ ᠳᠤᠯᠠᠭᠠᠬᠠᠨ ᠰᠢᠨᠡᠯᠡᠯ᠎ᠠ᠂ ᠶᠡᠷᠦᠨᠢ ᠡᠯᠡᠰᠦᠨ ᠥᠷᠥᠴᠡᠨ ᠠᠴᠠ ᠳᠠᠯᠠᠢ ᠶᠢᠨ ᠬᠥᠪᠡᠭᠡᠨ ᠳᠤ ᠬᠦᠷᠴᠦ ᠰᠢᠨᠡᠯᠡᠨ᠎ᠡ ᠭᠡᠵᠦ ᠶᠡᠷᠦᠨᠢ ᠪᠤᠳᠤᠵᠤ ᠦᠵᠡᠭᠡ ᠦᠭᠡᠢ᠂ ᠠᠩᠬ᠎ᠠ ᠤᠳᠠᠭ᠎ᠠ ᠨᠢᠰᠬᠡᠯ ᠳᠤ ᠰᠠᠭᠤᠵᠤ ᠲᠠᠯᠠᠢ ᠦᠵᠡᠵᠦ ᠶᠣᠰᠣᠲᠠᠢ ᠪᠠᠶᠠᠷᠯᠠᠭᠰᠠᠨ ᠰᠢᠣ᠃ ᠰᠠᠨᠶᠠ ᠶᠢᠨ ᠠᠭᠤᠷ ᠠᠮᠢᠰᠬᠤᠯ ᠦᠨᠡᠬᠡᠷ ᠰᠠᠶᠢᠬᠠᠨ᠂ ᠵᠢᠮᠢᠰ ᠢᠳᠡᠭᠡᠨ ᠡᠯᠪᠡᠭ ᠳᠡᠯᠪᠡᠭ᠂ ᠤᠳᠠᠭᠠᠨ ᠡᠳᠦᠷ ᠰᠠᠭᠤᠬᠤ ᠳᠤ ᠵᠢᠭᠠᠬᠠᠨ ᠳᠠᠳᠬᠤ ᠦᠭᠡᠢ ᠪᠣᠯᠵᠠᠢ᠂ ᠪᠢ ᠴᠢᠨᠢ ᠡᠳᠦᠷᠵᠢᠨ ᠰᠦ ᠴᠠᠭ᠎ᠠ᠂ ᠮᠢᠬ᠎ᠠ ᠲᠣᠰᠣ ᠢᠳᠡᠳᠡᠭ ᠪᠣᠯᠬᠤᠷ ᠠᠷᠪᠠᠭᠠᠳ ᠡᠳᠦᠷ ᠰᠠᠭᠤᠭᠠᠳ ᠨᠤᠲᠤᠭ ᠤᠨ ᠢᠶᠠᠨ ᠢᠳᠡᠭᠡᠨ ᠤᠮᠳᠠᠭᠠᠨ᠂ ᠲᠦᠷᠦᠯ ᠰᠠᠳᠤᠨ᠂ ᠮᠠᠯ ᠰᠦᠷᠦᠭ ᠢᠶᠠᠨ ᠰᠠᠨᠠᠴᠢᠬᠠᠯ᠎ᠠ᠂ ᠬᠥᠮᠥᠨ ᠤ ᠨᠤᠲᠤᠭ ᠬᠡᠴᠢᠨᠡᠨ ᠰᠠᠶᠢᠬᠠᠨ ᠴᠤ ᠥᠪᠡᠷ ᠤᠨ ᠨᠤᠲᠤᠭ ᠰᠡᠳᠬᠢᠯ ᠳᠤ ᠤᠶᠠᠭᠠᠲᠠᠢ ᠪᠠᠶᠢᠳᠠᠭ ᠶᠤᠮ ᠪᠠᠶᠢᠨ᠎ᠠ︾ ᠭᠡᠵᠦ ᠨᠠᠷᠠᠨᠬᠦᠦ ᠢᠨᠢᠶᠡᠮᠰᠦᠭᠯᠡᠨ ᠶᠠᠷᠢᠨ᠎ᠠ᠃          ᠴᠠᠭᠠᠨ ᠰᠠᠷ᠎ᠠ ᠠᠴᠠ ᠡᠮᠦᠨᠡᠬᠡᠨ ᠴᠣᠯᠮᠣᠨ ᠣᠳᠣᠩᠭᠤᠸ᠎ᠠ ᠬᠤᠶᠠᠭᠤᠯᠠ ᠬᠤᠶᠠᠷ ᠬᠡᠦᠬᠡᠨ ᠲᠠᠢ ᠪᠠᠨ ᠪᠠᠶᠠᠨᠬᠤᠲᠠ ᠠᠴᠠ ᠮᠣᠷᠳᠠᠵᠤ᠂ ᠬᠠᠶᠢᠨᠠᠨ ᠮᠤᠵᠢ ᠶᠢᠨ ᠰᠠᠨᠶᠠ ᠬᠤᠳᠠ ᠳᠤ ᠬᠦᠷᠴᠦ ᠰᠢᠨᠡᠯᠡᠭᠡᠳ᠂ ᠰᠢᠨ᠎ᠡ ᠶᠢᠨ ᠭᠤᠷᠪᠠᠨ ᠳᠤ ᠬᠠᠷᠢᠵᠤ ᠢᠷᠡᠵᠡᠢ᠃ ᠣᠳᠣᠩᠭᠤᠸ᠎ᠠ ᠠᠯᠠᠱᠠ ᠵᠡᠭᠦᠨ ᠬᠤᠰᠢᠭᠤᠨ ᠳᠤ ᠠᠵᠢᠯ ᠠᠯᠪᠠ ᠲᠠᠢ᠂ ᠨᠥᠬᠦᠷ ᠴᠣᠯᠮᠣᠨ ᠨᠢ ᠠᠯᠠᠱᠠ ᠪᠠᠷᠠᠭᠤᠨ ᠬᠤᠰᠢᠭᠤᠨ ᠳᠤ ᠠᠵᠢᠯᠯᠠᠵᠤ ᠪᠠᠶᠢᠳᠠᠭ ᠠᠴᠠ ᠡ᠊ᠩ ᠤᠨ ᠦᠶ᠎ᠡ ᠳᠤ ᠳᠡᠳᠡ ᠬᠤᠶᠠᠭᠤᠯᠠ ᠶᠢᠨ ᠬᠠᠮᠲᠤ ᠪᠠᠶᠢᠬᠤ ᠴᠠᠭ ᠨᠢ ᠮᠠᠰᠢ ᠬᠤᠮᠰᠠᠬᠠᠨ ᠪᠠᠶᠢᠳᠠᠭ ᠠᠵᠢ᠃ ︽ᠪᠢ ᠤᠳᠠᠭᠠᠨ ᠵᠢᠯ ᠬᠠᠶᠢᠨᠠᠨ ᠠᠷᠠᠯ ᠳᠤ ᠣᠴᠢᠵᠤ ᠰᠢᠨᠡᠯᠡᠶ᠎ᠡ ᠭᠡᠵᠦ ᠪᠤᠳᠤᠵᠤ ᠪᠠᠶᠢᠭᠰᠠᠨ᠂ ᠡᠮᠦᠨ᠎ᠡ ᠬᠡᠳᠦᠨ ᠵᠢᠯ ᠬᠡᠦᠬᠡᠳ ᠨᠢᠯᠬ᠎ᠠ ᠪᠠᠶᠢᠭᠰᠠᠨ ᠠᠴᠠ ᠶᠠᠪᠤᠵᠤ ᠴᠢᠳᠠᠭᠰᠠᠨ ᠦᠭᠡᠢ᠃ ᠪᠢᠳᠠ ᠬᠤᠶᠠᠷ ᠰᠠᠷ᠎ᠠ ᠶᠢᠨ ᠡᠮᠦᠨ᠎ᠡ ᠠᠴᠠ ᠰᠠᠨᠶᠠ ᠳᠤ ᠣᠴᠢᠵᠤ ᠰᠢᠨᠡᠯᠡᠬᠦ ᠪᠠᠷ ᠲᠥᠯᠥᠪᠯᠡᠵᠦ ᠪᠠᠶᠢᠬᠤ ᠳᠤ ᠨᠥᠬᠦᠷ ᠤᠨ ᠮᠢᠨᠢ ᠰᠠᠶᠢᠨ ᠨᠠᠶᠢᠵᠠ ᠬᠠᠶᠢᠨᠠᠨ ᠳᠤ ᠬᠠᠮᠲᠤ ᠰᠢᠨᠡᠯᠡᠶ᠎ᠡ ᠭᠡᠵᠦ ᠤᠷᠢᠭᠰᠠᠨ᠂ ᠬᠤᠶᠠᠷ ᠬᠡᠦᠬᠡᠨ ᠲᠠᠢ ᠪᠠᠨ ᠠᠩᠬ᠎ᠠ ᠤᠳᠠᠭ᠎ᠠ ᠲᠠᠯᠠᠢ ᠦᠵᠡᠵᠦ ᠰᠡᠳᠬᠢᠯ ᠢᠶᠠᠨ ᠬᠠᠨᠲᠠᠯ᠎ᠠ ᠲᠣᠭᠤᠷᠢᠨ ᠵᠤᠭᠠᠴᠠᠵᠤ ᠶᠠᠪᠤᠯ᠎ᠠ᠂ ᠴᠠᠭ ᠴᠢᠯᠦᠭᠡ ᠭᠠᠷᠪᠠᠯ ᠬᠡᠦᠬᠡᠳ ᠢᠶᠠᠨ ᠤᠰᠤ ᠤᠮᠪᠠᠭᠤᠯᠳᠠᠭ᠂ ᠴᠠᠭᠠᠨ ᠰᠠᠷ᠎ᠠ ᠪᠠᠨ ᠮᠠᠰᠢ ᠪᠠᠶᠠᠷ ᠭᠦᠷ ᠲᠠᠢ᠂ ᠤᠳᠬ᠎ᠠ ᠠᠭᠤᠯᠭ᠎ᠠ ᠲᠠᠢ ᠥᠩᠭᠡᠷᠡᠭᠦᠯᠦᠯ᠎ᠡ︾ ᠭᠡᠵᠦ ᠣᠳᠣᠩᠭᠤᠸ᠎ᠠ ᠪᠠᠶᠠᠷ ᠲᠠᠢ ᠶᠠᠷᠢᠨ᠎ᠠ᠃          ᠲᠤᠩᠭᠠᠯᠠᠭ ᠪᠣᠯ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠰᠢ ᠶᠤᠮ᠃ ᠲᠡᠷᠡᠪᠡᠷ ᠦᠷᠭᠦᠯᠵᠢ ᠰᠤᠷᠤᠬᠴᠢ ᠪᠠᠨ ᠳᠠᠭᠠᠭᠤᠯᠤᠨ ᠳᠤᠭᠤᠢ ᠲᠡᠷᠭᠡ ᠤᠨᠤᠵᠤ ᠲᠣᠭᠤᠷᠢᠨ ᠵᠤᠭᠠᠴᠠᠵᠤ ᠶᠠᠪᠤᠳᠠᠭ᠃ ᠡᠨᠡ ᠤᠳᠠᠭ᠎ᠠ ᠳᠡᠷᠡ ᠴᠠᠭᠠᠨ ᠰᠠᠷ᠎ᠠ ᠶᠢ ᠲᠣᠬᠢᠶᠠᠯᠳᠤᠭᠤᠯᠤᠨ ᠰᠤᠷᠤᠬᠴᠢ ᠪᠠᠨ ᠳᠠᠭᠠᠭᠤᠯᠵᠤ ᠬᠠᠶᠢᠨᠠᠨ ᠮᠤᠵᠢ ᠳᠤ ᠣᠴᠢᠵᠤ ᠰᠢᠨᠡᠯᠡᠵᠡᠢ᠂ 2 ᠰᠠᠷ᠎ᠠ ᠶᠢᠨ 8 ᠤ ᠡᠳᠦᠷ ᠠᠴᠠ ᠲᠤᠩᠭᠠᠯᠠᠭ ᠰᠣᠷᠣᠬᠴᠢ ᠲᠠᠢ ᠪᠠᠨ ᠲᠤᠬᠠᠢ ᠶᠢᠨ ᠭᠠᠵᠠᠷ ᠤᠨ ᠳᠤᠭᠤᠢ ᠲᠡᠷᠭᠡᠨ ᠤ ᠺᠢᠯᠤᠪ ᠤᠨ ᠭᠡᠰᠢᠭᠦᠳ ᠲᠠᠢ ᠬᠠᠮᠲᠤ ᠠᠷᠪᠠᠨ ᠡᠳᠦᠷ ᠤᠨ ᠬᠤᠭᠤᠴᠠᠭᠠᠨ ᠤ ᠬᠠᠶᠢᠨᠠᠨ ᠠᠷᠠᠯ ᠢ ᠳᠤᠭᠤᠢ ᠲᠡᠷᠭᠡ ᠪᠠᠷ ᠲᠣᠭᠤᠷᠢᠬᠤ ᠠᠵᠢᠯᠯᠠᠭ᠎ᠠ ᠳᠤ ᠣᠷᠣᠯᠴᠠᠵᠠᠢ᠃ ᠲᠤᠩᠭᠠᠯᠠᠭ᠄ ︽ᠪᠢ ᠠᠩᠬ᠎ᠠ ᠤᠳᠠᠭ᠎ᠠ ᠬᠠᠶᠢᠨᠠᠨ ᠳᠤ ᠰᠢᠨᠡᠯᠡᠵᠣ ᠪᠠᠶᠢᠭ᠎ᠠ ᠨᠢ ᠡᠨᠡ ᠶᠤᠮ᠂ ᠠᠭᠤᠷ ᠠᠮᠢᠰᠬᠤᠯ ᠳᠤᠯᠠᠭᠠᠬᠠᠨ᠂ ᠡᠪᠦᠯ ᠴᠠᠭ ᠲᠤ ᠣᠴᠢᠵᠤ ᠵᠤᠭᠠᠯᠠᠨ ᠲᠣᠭᠤᠷᠢᠬᠤ ᠳᠤ ᠶᠡᠭᠡ ᠲᠠᠭᠠᠯᠠᠮᠵᠢᠲᠠᠢ ᠪᠠᠶᠢᠨ᠎ᠠ᠃ ᠳᠤᠭᠤᠢ ᠲᠡᠷᠭᠡ ᠪᠠᠷ ᠪᠢ ᠲᠡᠭᠷᠢ ᠡᠯᠡᠰᠦ ᠶᠢ ᠲᠤᠭᠤᠯᠵᠤ ᠥᠩᠭᠡᠷᠡᠭᠰᠡᠨ ᠢ ᠪᠤᠳᠣᠪᠠᠯ᠂ ᠠᠩᠬ᠎ᠠ ᠤᠳᠠᠭ᠎ᠠ ᠳᠤᠭᠤᠢ ᠲᠡᠷᠭᠡ ᠪᠠᠷ ᠠᠷᠠᠯ ᠢ ᠲᠣᠭᠤᠷᠢᠵᠤ ᠣᠯᠠᠨ ᠰᠠᠶᠢᠬᠠᠨ ᠢ ᠦᠵᠡᠯ᠎ᠡ᠂ ᠰᠡᠳᠬᠢᠯ ᠰᠠᠨᠠᠭ᠎ᠠ ᠠᠭᠤᠵᠢᠷᠠᠨ ᠦᠨᠡᠬᠡᠷ ᠰᠠᠶᠢᠬᠠᠨ ᠪᠠᠶᠢᠯ᠎ᠠ︾ ᠭᠡᠵᠦ ᠶᠠᠷᠢᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号