| | ᠸᠠᠩ ᠰᠢᠶᠣᠣ ᠢᠦᠢ ᠰᠠᠷᠠᠨ᠎ᠠ︶ 2 ᠰᠠᠷ᠎ᠠ ᠶᠢᠨ 17 - 18 ᠤ ᠡᠳᠦᠷ ᠪᠤᠯᠲᠠᠯ᠎ᠠ᠂ ᠠᠶᠢᠮᠠᠭ ᠤᠨ | ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠺᠠᠳ᠋ᠷᠴᠤᠳ ᠲᠠᠢ ᠶᠠᠷᠢᠯᠴᠠᠵᠤ | ᠂ 2025 ᠣᠨ ᠤ ᠬᠥᠭᠵᠢᠯᠲᠡ ᠲᠥᠯᠦᠪᠵᠢᠭᠦᠯᠭᠡ ᠶᠢᠨ ᠪᠠᠶᠢᠳᠠᠯ ᠢ ᠰᠣᠨᠣᠰᠬᠤ ᠳᠠᠭᠠᠨ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠠᠵᠢᠯᠯᠠᠭ᠎ᠠ︾ ᠨᠠᠷᠢᠯᠢᠭ | ᠨᠠᠶᠢᠳᠠᠪᠤᠷᠢᠵᠢᠭᠤᠯᠤᠨ᠂ ︽157︾ ᠬᠥᠭᠵᠢᠯᠲᠡ ᠶᠢᠨ ᠰᠡᠳᠬᠢᠴᠡ ᠶᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ | ᠠᠵᠢᠯ ᠢ ᠨᠠᠩ ᠴᠢᠩᠭ᠎ᠠ ᠠᠳᠬᠤᠨ᠂ ᠨᠠᠩ ᠭᠦᠨᠵᠡᠭᠡᠢ ᠲᠥᠯᠥᠪᠵᠢᠭᠦᠯᠵᠦ᠂ ᠪᠦᠭᠦ ᠠᠶᠢᠮᠠᠭ ᠤᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠬᠤᠸᠠᠩ ᠶᠠ ᠯᠢ᠂ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠴᠢᠬᠤᠯᠠ ᠶᠡᠭᠡ | ᠲᠥᠷᠥᠯ ᠵᠦᠢᠯ ᠢ ᠲᠥᠯᠥᠪᠯᠡᠬᠦ ᠠᠵᠢᠯᠯᠠᠭ᠎ᠠ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠤᠨᠨ᠂ ︽ᠰᠢᠨ᠎ᠡ ᠡᠨᠧᠷᠭᠢ + ᠠᠵᠤ ᠦᠢᠯᠡᠰ ︾ ᠢ ᠠᠭᠤᠰᠤᠯᠴᠠᠭᠤᠯᠤᠨ ᠬᠥᠭᠵᠢᠭᠦᠯᠬᠦ ᠲᠣᠭᠤᠷᠢᠨ ᠳᠤ᠂ | ᠬᠡᠯᠬᠢᠶ᠎ᠡ ᠶᠢ ᠤᠷᠲᠤᠳᠬᠠᠬᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠭᠡᠯᠪᠡᠷᠢ ᠶᠢ ᠬᠤᠪᠢᠷᠠᠭᠤᠯᠬᠤ᠂ ᠭᠤᠣᠯ | ᠴᠣᠭᠴᠠ ᠶᠢ ᠬᠥᠮᠥᠵᠢᠭᠦᠯᠬᠦ᠂ ᠰᠢᠨ᠎ᠡ ᠶᠢ ᠡᠭᠦᠳᠬᠦ ᠶᠢ ᠠᠳᠬᠤᠬᠤ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠠᠵᠤ | ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠲᠠᠰᠵᠢᠯᠳᠡ᠂ ᠤᠶᠤᠨᠵᠢᠯᠳᠡ ᠪᠠ ᠪᠣᠬᠢᠷᠳᠤᠯ ᠦᠭᠡᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠴᠢᠯᠠᠪᠠ᠃ | ᠠᠶᠢᠮᠠᠭ ᠤᠨ ᠡᠨᠧᠷᠭᠢ ᠶᠢᠨ ᠲᠣᠪᠴᠢᠶ᠎ᠠ ᠳᠤ ᠬᠤᠸᠠᠩ ᠶᠠ ᠯᠢ᠂ ᠪᠦᠭᠦ ᠤᠯᠤᠰ ᠤᠨ ᠭᠤᠣᠯᠳᠠᠯᠭᠠᠲᠤ | ᠳ᠋ᠦᠩᠰᠢᠭᠤᠷ ᠺᠢᠯᠣᠸᠠᠲ ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠪᠠ ᠤᠯᠤᠰ ᠤᠨ ᠲᠠᠰ ᠤᠨ ᠰᠢᠨ᠎ᠡ | ᠡᠨᠧᠷᠭᠢ ᠶᠢ ᠰᠢᠩᠭᠡᠬᠡᠨ ᠠᠪᠬᠤ ᠵᠢᠱᠢᠶ᠎ᠡ ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠦᠨ᠂ ᠬᠠᠷᠢᠭᠤᠴᠠᠯᠭᠠᠲᠤ ᠤᠬᠠᠮᠰᠠᠷ᠂ ᠠᠵᠠ ᠲᠣᠭᠢᠶᠠᠯ ᠤᠨ ᠤᠬᠠᠮᠰᠠᠷ᠂ ᠲᠤᠯᠭᠠᠮ ᠤᠬᠠᠮᠰᠠᠷ ᠢᠶᠠᠨ | ᠴᠢᠩᠭᠠᠳᠬᠠᠵᠤ᠂ ᠳᠠᠪᠠᠭᠤᠯᠢᠭ ᠢᠶᠠᠨ ᠠᠰᠢᠭᠯᠠᠨ᠂ ᠳᠡᠮᠵᠢᠯᠭᠡ ᠣᠯᠬᠤ ᠪᠠᠷ ᠴᠢᠷᠮᠠᠶᠢᠵᠤ᠂ ᠣᠶᠤᠨ ᠤᠬᠠᠭᠠᠨ ᠬᠦᠴᠦᠨ | ᠴᠢᠳᠠᠯ ᠢᠶᠠᠨ ᠠᠰᠢᠭᠯᠠᠨ᠂ ᠬᠠᠮᠲᠤᠷᠠᠯᠴᠠᠭ᠎ᠠ ᠬᠢᠵᠦ ᠰᠢᠩᠭᠡᠬᠡᠨ ᠠᠪᠬᠤ ᠳᠠᠯᠳᠠ ᠬᠦᠴᠦᠨ ᠢ ᠦᠷᠭᠦᠯᠵᠢᠯᠡᠨ | ᠠᠭᠤᠳᠠᠯᠵᠤ᠂ ᠪᠣᠬᠢᠷᠳᠤᠯ ᠦᠭᠡᠢ ᠴᠠᠭᠢᠯᠭᠠᠨ ᠤ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ᠂ ᠰᠢᠨ᠎ᠡ | ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ ᠳᠤ ᠬᠤᠸᠠᠩ ᠶᠠ ᠯᠢ᠂ ᠶᠡᠭᠡ ᠲᠠᠯ᠎ᠠ ᠶᠢ ᠠᠬᠤᠭᠤᠯᠵᠤ᠂ | ᠵᠣᠷᠢᠭᠲᠠᠢ ᠰᠡᠳᠬᠢᠵᠦ ᠵᠣᠷᠢᠭᠲᠠᠢ ᠠᠵᠢᠯᠯᠠᠨ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠵᠠᠮ ᠬᠠᠷᠢᠯᠴᠠᠭ᠎ᠠ᠂ | ᠠᠵᠤ ᠦᠢᠯᠡᠰ ᠤᠨ ᠬᠥᠭᠵᠢᠯᠲᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ | ᠵᠦᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠣᠳᠣᠬᠢᠴᠢᠯᠠᠭᠰᠠᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠣᠣᠷ ᠰᠦᠯᠵᠢᠶᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠯᠠᠱᠠ ᠶᠢ ᠤᠯᠤᠰ ᠤᠨ ᠴᠢᠬᠤᠯᠠ ᠡᠨᠧᠷᠭᠢ ᠶᠢᠨ | ᠡᠬᠢ ᠪᠠᠶᠠᠯᠢᠭ ᠤᠨ ᠨᠡᠪᠲᠡᠷᠡᠬᠦ ᠵᠠᠮ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠳᠤ | ᠠᠭᠤᠰᠤᠯᠴᠠᠬᠤ ᠴᠢᠬᠤᠯᠠ ᠵᠠᠩᠭᠢᠯᠠᠭ᠎ᠠ ᠶᠢᠨ ᠴᠡᠭ ᠪᠠ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠠᠶᠢᠮᠠᠭ ᠤᠨ ᠤᠳᠤᠷᠢᠳᠤᠯᠭ᠎ᠠ ᠮᠥᠩᠬᠡ᠂ ᠸᠧᠢ ᡁᠢ ᠭᠦᠸᠧ᠂ ᠪᠤᠤ ᠶᠧ ᠪᠠᠷ᠎ᠠ ᠪᠣᠯᠵᠤ ᠪᠠᠶᠢᠴᠠᠭᠠᠨ | ᠰᠤᠳᠤᠯᠪᠠ᠃ |