| ᠥᠨᠢᠷ︶ ᠰᠤᠷᠪᠤᠯᠵᠢᠯᠠᠬᠴᠢ 2 ᠰᠠᠷ᠎ᠠ ᠶᠢᠨ 18 ᠤ ᠡᠳᠦᠷ ᠬᠤᠷᠠᠯᠳᠤᠭᠰᠠᠨ ᠪᠦᠭᠦ ᠣᠷᠣᠨ ᠤ ᠤᠰᠤᠨ | ᠠᠰᠢᠭᠯᠠᠯᠲᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤᠰᠤᠨ ᠤ ᠡᠬᠢ | ᠪᠠᠶᠠᠯᠢᠭ ᠤᠨ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠠ ᠬᠢᠨᠠᠨ ᠬᠡᠮᠵᠢᠬᠦ ᠰᠢᠰᠲ᠋ᠧᠮ ᠢ ᠪᠦᠷᠢᠨᠰᠢᠭᠦᠯᠵᠦ᠂ | ᠤᠰᠤ ᠠᠷᠪᠢᠯᠠᠬᠤ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠦᠨ᠂ ᠪᠦᠭᠦ ᠣᠷᠣᠨ ᠤ ᠤᠰᠤ ᠬᠡᠷᠡᠭᠯᠡᠬᠦ ᠶᠡᠷᠦᠩᠬᠡᠢ | ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠪᠠᠷ ᠪᠤᠢ᠃ | ᠡᠨᠡ ᠵᠢᠯ ᠮᠠᠨ ᠤ ᠣᠷᠣᠨ ᠲᠠᠷᠢᠶᠠᠯᠠᠩ ᠤᠨ ᠤᠰᠤ ᠠᠷᠪᠢᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ | ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.59 ᠠᠴᠠ ᠳᠡᠭᠡᠭᠰᠢ ᠳᠤ ᠬᠦᠷᠭᠡᠬᠦ ᠶᠢᠨ ᠬᠠᠮᠲᠤ᠂ ᠡᠨᠧᠷᠭᠢ | ᠶᠢᠨ ᠬᠦᠷᠢᠶ᠎ᠡ ᠴᠠᠷᠠᠭᠠᠨ ᠳᠠᠬᠢ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠤᠰᠤ ᠠᠷᠪᠢᠯᠠᠬᠤ ᠴᠢᠳᠠᠪᠤᠷᠢ | ᠶᠢ 200 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠪᠤᠰᠤᠳ | ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠂ | ᠬᠤᠭᠤᠯᠠᠢ ᠲᠣᠣᠷ ᠢ ᠥᠭᠡᠷᠡᠴᠢᠯᠡᠬᠦ᠂ ᠲᠣᠨᠣᠭᠯᠠᠯ ᠢ ᠰᠢᠨᠡᠳᠬᠡᠬᠦ ᠵᠡᠷᠭᠡ 22 ᠵᠦᠢᠯ ᠤᠨ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠵᠦ᠂ ᠤᠰᠤ ᠠᠷᠪᠢᠯᠠᠬᠤ ᠴᠢᠳᠠᠪᠤᠷᠢ ᠶᠢ 213 | ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠶᠢᠨ ᠬᠠᠮᠲᠤ᠂ ᠠᠵᠤ ᠦᠢᠯᠡᠳᠪᠦᠷᠢ ᠶᠢᠨ ᠪᠣᠬᠢᠷ | ᠤᠰᠤ ᠶᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠶᠢᠨ ᠬᠡᠷᠡᠭᠯᠡᠬᠦ ᠤᠰᠤᠨ ᠤ ᠳᠠᠭᠢᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠪᠠᠰᠠ ᠣᠯᠠᠨ | ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠤᠰᠤ ᠭᠤᠭᠤᠵᠢᠵᠤ ᠤᠰᠤ ᠰᠦᠢᠳᠬᠦ ᠶᠢ ᠵᠠᠰᠠᠬᠤ | ᠢᠨᠵᠧᠨᠧᠷᠢᠩ ᠢ ᠬᠡᠷᠡᠭᠵᠢᠭᠦᠯᠦᠨ᠂ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ ᠬᠤᠭᠤᠯᠠᠢ ᠲᠣᠣᠷ ᠢ 400 | ᠺᠢᠯᠣᠮᠧᠲᠷ ᠠᠴᠠ ᠳᠡᠭᠡᠭᠰᠢ ᠥᠭᠡᠷᠡᠴᠢᠯᠡᠨ ᠰᠠᠶᠢᠵᠢᠷᠠᠭᠤᠯᠵᠤ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ | ᠦᠢᠯᠡᠰ ᠪᠣᠯᠣᠨ ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠂ ᠤᠰᠤ | ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠲᠣᠨᠣᠭᠯᠠᠯ ᠢ ᠳᠡᠯᠭᠡᠷᠡᠭᠦᠯᠬᠦ ᠪᠣᠯᠣᠨ᠎ᠠ᠃ | ᠡᠨᠡ ᠵᠢᠯ ᠮᠠᠨ ᠤ ᠣᠷᠣᠨ ᠬᠡᠪ ᠤᠨ ᠪᠤᠰᠤ ᠤᠰᠤᠨ ᠤ ᠡᠬᠢ ᠪᠠᠶᠠᠯᠢᠭ ᠢ ᠰᠠᠶᠢᠲᠤᠷ ᠠᠰᠢᠭᠯᠠᠨ᠂ | ᠬᠡᠪ ᠤᠨ ᠪᠤᠰᠤ ᠤᠰᠤᠨ ᠰᠤᠷᠪᠤᠯᠵᠢ ᠶᠢ ᠤᠰᠤᠨ ᠤ ᠡᠬᠢ ᠪᠠᠶᠠᠯᠢᠭ ᠲᠤ ᠣᠷᠣᠭᠤᠯᠤᠨ ᠨᠢᠭᠡᠳᠦᠯᠲᠡᠢ ᠲᠣᠬᠢᠷᠠᠭᠤᠯᠵᠤ᠂ | ᠬᠤᠲᠠ ᠪᠠᠯᠭᠠᠰᠤ ᠪᠣᠯᠣᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠪᠠ ᠳᠠᠬᠢᠯᠲᠠ ᠤᠰᠤ ᠶᠢ ᠲᠣᠬᠢᠷᠠᠭᠤᠯᠬᠤ ᠠᠵᠢᠯ ᠢ | ᠲᠦᠷᠭᠡᠳᠬᠡᠨ᠂ ᠳᠠᠬᠢᠯᠲᠠ ᠤᠰᠤ ᠶᠢ ᠣᠶᠢᠷ᠎ᠠ ᠬᠠᠪᠢ ᠳᠤᠨᠢ ᠠᠰᠢᠭᠯᠠᠬᠤ ᠶᠢ ᠢᠳᠡᠪᠬᠢᠲᠡᠢ ᠠᠬᠢᠭᠤᠯᠵᠤ᠂ | ᠭᠦᠭᠡᠬᠤᠲᠠ᠂ ᠪᠤᠭᠤᠲᠤ᠂ ᠦᠬᠠᠢ᠂ ᠣᠷᠳᠣᠰ ᠤᠨ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠤᠷᠰᠢᠯᠲᠠ | ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠦᠭᠦ ᠣᠷᠣᠨ ᠤ ᠠᠭᠤᠷᠬᠠᠢ ᠶᠢᠨ | ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠵᠤ᠂ ᠡᠭᠦᠨ ᠳᠤ ᠬᠠᠲᠤᠨ ᠭᠤᠣᠯ ᠤᠨ ᠰᠠᠪᠠ ᠭᠠᠵᠠᠷ ᠲᠠᠬᠢ ᠠᠭᠤᠷᠬᠠᠢ ᠶᠢᠨ ᠬᠤᠳᠳᠤᠭ ᠤᠨ ᠤᠰᠤ ᠶᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 70% ᠠᠴᠠ ᠳᠡᠭᠡᠭᠰᠢ ᠳᠤ ᠬᠦᠷᠭᠡᠨ᠂ ᠪᠦᠭᠦ ᠣᠷᠣᠨ ᠤ ᠬᠡᠪ ᠤᠨ ᠪᠤᠰᠤ | ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 7.68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠠᠴᠠ ᠳᠡᠭᠡᠭᠰᠢ ᠳᠤ ᠬᠦᠷᠭᠡᠬᠦ ᠪᠠᠷ ᠪᠤᠢ᠃ |