ᠮᠠᠨ ᠤ ᠠᠶᠢᠮᠠᠭ ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠪᠤᠵᠠᠭᠠᠶᠢᠷᠠᠭᠤᠯᠬᠤ ᠪᠠᠷ ᠪᠤᠢ
ᠨᠡᠶᠢᠲᠡᠯᠡᠭᠰᠡᠨ ᠴᠠᠭ᠄
2025/5/21
                              ᠽᠧᠩ ᠯᠢᠩ ᠹᠧᠢ︶ ᠡᠨᠡ ᠵᠢᠯ ᠮᠠᠨ ᠤ ᠠᠶᠢᠮᠠᠭ 300 ᠲᠦᠮᠡᠨ ᠮᠦ ᠠᠴᠠ ᠳᠡᠭᠡᠭᠰᠢ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠵᠦ᠂ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢᠶᠠᠷ 18.8 ᠲᠦᠮᠡᠨ ᠮᠦ ᠠᠴᠠ ᠳᠡᠭᠡᠭᠰᠢ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ᠂ 30 ᠲᠦᠮᠡᠨ ᠮᠦ ᠭᠠᠵᠠᠷ ᠲᠤ ᠴᠠᠭᠠᠨ ᠭᠤᠶᠣᠣ ᠲᠡᠷᠢᠵᠦ᠂ ᠣᠶ ᠰᠢᠭᠤᠢ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 25 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠲᠥᠯᠥᠪᠯᠡᠨ᠂ ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠬᠦᠴᠦᠯᠡᠨ ᠴᠣᠭᠴᠠᠯᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠠᠷ ᠪᠤᠢ᠃          ᠥᠩᠭᠡᠷᠡᠬᠦ ᠵᠢᠯ᠂ ᠮᠠᠨ ᠤ ᠠᠶᠢᠮᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠤᠢ ᠰᠢᠭᠤᠢ ᠡᠪᠡᠰᠦ ᠪᠡᠯᠴᠢᠭᠡᠷ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ᠃ ᠨᠢᠭᠡ ᠵᠢᠯ ᠤᠨ ᠲᠤᠷᠰᠢ᠂ ︽ᠤᠮᠠᠷᠠᠲᠤ ᠶᠢᠨ ᠭᠤᠷᠪᠠᠨ ᠣᠷᠣᠨ︾ ᠤ  ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠢ ᠶᠠᠪᠤᠭᠳᠠᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠬᠢᠵᠢᠭᠦᠯᠬᠦ ᠪᠠᠷ ᠦᠨᠳᠦᠰᠦᠨ ᠬᠠᠷᠠᠯᠲᠠ ᠪᠠᠨ ᠪᠤᠯᠭᠠᠵᠤ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠳᠤ ᠲᠦᠰᠢᠭᠯᠡᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠨᠡᠶᠢᠳᠡ 593.33 ᠲᠦᠮᠡᠨ ᠮᠦ ᠪᠡᠶᠡᠯᠡᠭᠦᠯᠵᠦ᠂ ︽ᠭᠤᠷᠪᠠᠨ ᠬᠥᠨᠳᠡᠯᠡᠨ ᠭᠤᠷᠪᠠᠨ ᠭᠤᠯᠳᠤ︾ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠪᠦᠰᠡ ᠶᠢ ᠪᠦᠷᠢᠯᠳᠦᠭᠦᠯᠦᠨ᠂ ᠭᠤᠷᠪᠠᠨ ᠶᠡᠭᠡ ᠡᠯᠡᠰᠦ ᠮᠠᠩᠬᠠᠨ ᠤ ᠥᠷᠭᠡᠵᠢᠨ ᠨᠡᠶᠢᠯᠡᠬᠦ ᠪᠠᠶᠢᠳᠠᠯ ᠢ ᠪᠦᠲᠦᠮᠵᠢᠲᠡᠢ ᠬᠤᠷᠢᠭᠯᠠᠭᠰᠠᠨ ᠪᠠᠶᠢᠨ᠎ᠠ᠃ ᠣᠶ ᠰᠢᠭᠤᠢ ᠡᠪᠡᠰᠦ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ︽ᠪᠠᠳᠠᠢ ᠶᠢᠨ ᠵᠢᠷᠠᠨ ᠡᠯᠡᠰᠦ ︱ ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ︽ᠳᠡᠯᠡᠬᠡᠢ ᠶᠢᠨ ᠥᠪ ᠤᠨ ᠴᠠᠳᠢᠭ︾ ᠲᠤ ᠣᠷᠣᠭᠤᠯᠤᠭᠰᠠᠨ ᠪᠠᠶᠢᠨ᠎ᠠ᠃          2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠢᠪᠳᠤᠷᠭᠠᠨ ᠤ ᠵᠢᠯ ᠪᠥᠭᠡᠳ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠬᠦ ᠵᠢᠯ ᠮᠥᠨ᠃ ᠮᠠᠨ ᠤ ᠠᠶᠢᠮᠠᠭ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠪᠦᠭᠦ ᠤᠯᠤᠰ᠂ ᠪᠦᠭᠦ ᠣᠷᠣᠨ ᠤ ᠣᠶ ᠰᠢᠭᠤᠢ ᠪᠠ ᠲᠠᠯ᠎ᠠ ᠨᠤᠲᠤᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ ᠳᠤ ᠣᠷᠣᠬᠤ︾ ᠱᠠᠭᠠᠷᠳᠠᠯᠭ᠎ᠠ  ᠶᠢ ᠨᠠᠶᠢᠳᠠᠪᠤᠷᠢᠵᠢᠭᠤᠯᠵᠤ᠂ ︽157︾ ᠰᠡᠳᠬᠢᠴᠡ ᠪᠠᠷ ᠵᠢᠯᠣᠭᠤᠳᠤᠯᠭ᠎ᠠ ᠪᠣᠯᠭᠠᠨ᠂ ︽ᠲᠠᠪᠤᠨ ᠶᠡᠭᠡ ᠡᠭᠦᠷᠭᠡ︾  ᠶᠢ ᠭᠦᠨᠵᠡᠭᠡᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠂ ᠬᠤᠯᠪᠤᠭᠠᠯᠠᠨ ᠬᠠᠮᠵᠢᠯᠴᠠᠬᠤ ᠠᠵᠢᠯ ᠢ ᠴᠢᠩᠭᠠᠳᠬᠠᠵᠤ᠂ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠤᠢ᠃          
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号