| | ᠣᠶᠢᠷ᠎ᠠ ᠳᠤ᠂ ᠥᠪᠥᠷ ᠮᠣᠩᠭᠤᠯ ᠤᠨ ᠬᠤᠸᠠ ᠳ᠋ᠢᠶᠠᠨ ᠲᠡᠭᠷᠢ ᠶᠢᠨ 4 × 100 ×ᠲᠦᠮᠡᠨ | ᠺᠢᠯᠣᠸᠠᠲ ᠤᠨ ᠨᠡᠭᠦᠷᠡᠰᠦ ᠴᠠᠭᠢᠯᠭᠠᠨ ᠤ ᠲᠦᠷᠦᠯ ᠵᠦᠢᠯ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ ᠪᠠᠷ ᠬᠢᠨᠠᠨ ᠵᠥᠪᠰᠢᠶᠡᠷᠡᠭᠳᠡᠵᠦ᠂ ᠡᠨᠡ ᠵᠢᠯ ᠤᠨ 5 ᠰᠠᠷ᠎ᠠ ᠳᠤ ᠠᠵᠢᠯ ᠡᠬᠢᠯᠡᠭᠦᠯᠬᠦ ᠪᠠᠷ ᠪᠣᠯᠪᠠ᠃ | ᠥᠪᠥᠷ ᠮᠣᠩᠭᠤᠯ ᠤᠨ ᠬᠤᠸᠠ ᠳ᠋ᠢᠶᠠᠨ ᠲᠡᠭᠷᠢ ᠶᠢᠨ ︽ᠡᠯᠡᠰᠦᠷᠬᠡᠭ ᠭᠤᠪᠢ ᠴᠦᠯᠯᠡᠷᠭᠡᠭ︾ ᠣᠷᠣᠨ ᠢ | ᠵᠠᠰᠠᠬᠤ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠨᠢ ᠠᠯᠠᠱᠠ ᠵᠡᠭᠦᠨ ᠬᠤᠰᠢᠭᠤᠨ ᠤ ᠬᠢᠯᠢ ᠳᠤ ᠪᠠᠶᠢᠭ᠎ᠠ ᠲᠡᠭᠷᠢ ᠡᠯᠡᠰᠦᠨ ᠳᠤ | ᠪᠠᠶᠢᠷᠢᠯᠠᠵᠤ᠂ ᠬᠤᠸᠠ ᠳ᠋ᠢᠶᠠᠨ ᠪᠦᠯᠦᠭᠯᠡᠯ ᠲᠦᠷᠦᠭᠦᠯᠡᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠡᠭᠦᠷᠭᠡᠯᠡᠵᠦ᠂ ︽ᠭᠤᠷᠪᠠ ᠶᠢ ᠨᠢᠭᠡ ᠴᠣᠭᠴᠠᠵᠢᠭᠤᠯᠬᠤ︾ ᠱᠠᠭᠠᠷᠳᠠᠯᠭ᠎ᠠ ᠶᠣᠰᠣᠭᠠᠷ ᠰᠢᠨ᠎ᠡ | ᠡᠨᠧᠷᠭᠢ ᠶᠢᠨ ᠰᠠᠭᠤᠷᠢᠨ ᠭᠠᠵᠠᠷ᠂ ᠲᠤᠯᠭᠠᠭᠤᠷᠢᠯᠠᠬᠤ ᠴᠢᠨᠠᠷᠲᠠᠢ ᠨᠡᠭᠦᠷᠡᠰᠦ ᠴᠠᠭᠢᠯᠭᠠᠨ ᠤ ᠪᠦᠲᠦᠭᠡᠨ | ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠭᠦᠷᠡᠰᠦ ᠴᠠᠭᠢᠯᠭᠠᠨ ᠪᠠ ᠰᠢᠨ᠎ᠡ ᠡᠨᠧᠷᠭᠢ ᠶᠢ ᠪᠣᠳᠠᠲᠠᠢ ᠬᠤᠯᠪᠤᠭᠠᠯᠠᠨ | ᠡᠵᠡᠩᠨᠡᠬᠦ ᠠᠵᠢᠯ ᠢ ᠥᠷᠨᠢᠭᠦᠯᠦᠨ᠎ᠡ᠃ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠬᠡᠮᠵᠢᠶ᠎ᠡ ᠨᠢ 1200 ᠲᠦᠮᠡᠨ | ᠺᠢᠯᠣᠸᠠᠲ᠂ ᠡᠭᠦᠨ ᠳᠤ ᠰᠠᠯᠬᠢᠨ ᠬᠦᠴᠦᠨ ᠤ ᠴᠠᠭᠢᠯᠭᠠᠨ 400 ᠲᠦᠮᠡᠨ ᠺᠢᠯᠣᠸᠠᠲ᠂ ᠭᠡᠷᠡᠯᠴᠢ ᠴᠡᠨᠡᠭ ᠢᠶᠠᠷ | ᠴᠠᠭᠢᠯᠭᠠᠨ ᠭᠠᠷᠭᠠᠬᠤ ᠬᠡᠮᠵᠢᠶ᠎ᠡ 800 ᠲᠦᠮᠡᠨ ᠺᠢᠯᠣᠸᠠᠲ ᠪᠠᠶᠢᠵᠤ᠂ 4 × 100 ×ᠲᠦᠮᠡᠨ ᠺᠢᠯᠣᠸᠠᠲ ᠤᠨ | ᠨᠡᠭᠦᠷᠡᠰᠦ ᠴᠠᠭᠢᠯᠭᠠᠨ ᠢ ᠢᠵᠢ ᠪᠦᠷᠢᠳᠦᠭᠦᠯᠬᠦ ᠪᠠᠷ ᠲᠤᠯᠭᠠᠭᠤᠷᠢᠯᠠᠬᠤ ᠴᠢᠨᠠᠷᠲᠠᠢ ᠴᠠᠭᠢᠯᠭᠠᠨ ᠡᠭᠦᠰᠬᠡᠭᠴᠢ ᠪᠤᠯᠭᠠᠵᠤ᠂ | ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠠᠮᠢᠳᠤᠯᠢᠭ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ | ᠲᠣᠬᠢᠷᠠᠭᠤᠯᠤᠨ ᠪᠠᠶᠢᠭᠤᠯᠤᠨ᠎ᠠ ᠃ | ᠥᠪᠥᠷ ᠮᠣᠩᠭᠤᠯ ᠤᠨ ᠬᠤᠸᠠ ᠳ᠋ᠢᠶᠠᠨ ᠲᠡᠭᠷᠢ ᠶᠢᠨ 4×100 ×100ᠲᠦᠮᠡᠨ ᠺᠢᠯᠣᠸᠠᠲ ᠤᠨ | ᠨᠡᠭᠦᠷᠡᠰᠦ ᠴᠠᠭᠢᠯᠭᠠᠨ ᠤ ᠲᠥᠷᠥᠯ ᠵᠦᠢᠯ ᠳᠤ ᠵᠠᠭᠤᠨ ᠲᠦᠮᠡᠨ ᠺᠢᠯᠣᠸᠠᠲ ᠤᠨ ᠭᠡᠲᠦ ᠠᠭᠠᠷ ᠤᠨ ᠬᠦᠢᠲᠡᠨ ᠢᠶᠠᠷ | ᠰᠢᠲᠠᠭᠠᠬᠤ ᠨᠡᠭᠦᠷᠡᠰᠦ ᠶᠢᠨ ᠮᠠᠰᠢᠨ ᠴᠣᠭᠴᠠᠯᠠᠪᠤᠷᠢ ᠶᠢ ᠪᠠᠶᠢᠭᠤᠯᠬᠤ ᠪᠠᠷ ᠲᠥᠯᠥᠪᠯᠡᠵᠦ᠂ ᠡᠬᠢ ᠪᠠᠶᠠᠯᠢᠭ ᠢ | ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠨ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠶᠢᠨ ᠬᠠᠮᠲᠤ ᠭᠠᠵᠠᠷ ᠣᠷᠣᠨ ᠤ ᠴᠠᠭᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ | ᠪᠠᠲᠤᠯᠠᠵᠤ᠂ ᠡᠨᠧᠷᠭᠢ ᠶᠢᠨ ᠡᠬᠢ ᠪᠠᠶᠠᠯᠢᠭ ᠢ ᠶᠡᠭᠡ ᠬᠡᠪᠴᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠬᠤ ᠳᠤ ᠠᠰᠢᠭᠲᠠᠢ | ᠪᠠᠶᠢᠵᠤ᠂ ᠣᠷᠣᠨ ᠪᠦᠰᠡ ᠶᠢᠨ ᠵᠣᠬᠢᠴᠠᠩᠭᠤᠢ ᠪᠠᠷ ᠦᠷᠭᠦᠯᠵᠢᠯᠡᠠ ᠬᠥᠭᠵᠢᠭᠦᠯᠬᠦ ᠶᠢ ᠠᠬᠢᠭᠤᠯᠬᠤ ᠪᠣᠯᠣᠨ᠎ᠠ᠃ | ︵ᠰᠦᠡᠭ ᠶᠢᠨ ᠸᠧᠢ ᠯᠢᠦ ᠭᠠᠩ︶ |