| | ● 2 ᠰᠠᠷ᠎ᠠ ᠶᠢᠨ 19 ᠤ ᠡᠳᠦᠷ᠂ ᠪᠦᠭᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠬᠤᠷᠠᠯᠳᠤᠵᠤ᠂ ᠪᠦᠭᠦ ᠤᠯᠤᠰ᠂ ᠪᠦᠭᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2024 ᠣᠨ ᠤ ᠠᠵᠢᠯ ᠢ ᠳ᠋ᠦᠩᠨᠡᠪᠡ᠃ ᠬᠤᠷᠠᠯ ᠠᠴᠠ᠂ ᠪᠦᠭᠦ | ᠠᠶᠢᠮᠠᠭ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠬᠢᠨ ︽ᠬᠤᠶᠠᠷ ᠬᠠᠷᠢᠴᠠᠯᠠᠰᠢᠭᠦᠢ︾ ᠶᠢ ᠪᠠᠲᠤ ᠴᠡᠭᠡᠵᠢᠯᠡᠵᠦ᠂ | ᠴᠥᠬᠦᠷᠡᠰᠢ ᠦᠭᠡᠢ ᠪᠠᠷ ᠦᠵᠡᠯ ᠰᠠᠨᠠᠭ᠎ᠠ ᠶᠢ ᠰᠤᠷᠤᠯᠴᠠᠨ ᠨᠠᠮᠴᠢ ᠴᠢᠨᠠᠷ ᠢᠶᠠᠨ ᠴᠢᠩᠭᠠᠳᠬᠠᠨ᠂ᠦᠨᠡᠨᠴᠢ | ᠰᠢᠳᠤᠷᠭᠤ ᠪᠠᠷ ᠠᠵᠢᠯᠯᠠᠵᠤ ᠰᠤᠷᠲᠠᠯ ᠢᠶᠠᠨ ᠰᠠᠶᠢᠵᠢᠷᠠᠭᠤᠯᠤᠨ᠂ ᠢᠮᠠᠭᠲᠠ ᠰᠠᠬᠢᠯᠭ᠎ᠠ ᠪᠠᠲᠤ ᠶᠢ ᠰᠠᠬᠢᠨ᠂ ᠬᠤᠷᠢᠭ᠎ᠠ | ᠱᠤᠭᠤᠮ ᠢ ᠰᠠᠬᠢᠵᠤ᠂ ᠵᠢᠱᠢᠶᠡᠴᠢ ᠰᠠᠯᠠᠭ᠎ᠠ ᠮᠥᠴᠢᠷ ᠪᠣᠯᠣᠨ ᠴᠠᠭᠠᠷᠠᠭᠰᠠᠨ ᠡᠩᠨᠡᠭᠡ ᠶᠢ ᠴᠢᠩᠭ᠎ᠠ ᠪᠣᠳᠠᠲᠠᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︵ᠨᠡᠷᠡᠨ᠎ᠡ︶ |