| | | ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ ︽2025 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠤᠬᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠠᠵᠢᠯ ᠳᠤ ᠪᠠᠶᠢᠷᠢᠯᠠᠭᠤᠯᠤᠯᠲᠠ | ᠬᠢᠪᠡ᠃ ︽ᠮᠡᠳᠡᠭᠳᠡᠯ︾ ᠢ ᠦᠨᠳᠦᠰᠦᠯᠡᠪᠡᠯ᠂ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠤᠷᠤᠬᠴᠢ ᠡᠯᠰᠡᠬᠦ ᠨᠢᠭᠡᠳᠦᠯᠲᠡᠢ ᠰᠢᠯᠭᠠᠯᠲᠠ ᠶᠢ 6 ᠰᠠᠷ᠎ᠠ ᠶᠢᠨ 7 ᠤ ᠡᠳᠦᠷ᠂ 8 ᠤ ᠡᠳᠦᠷ ᠶᠠᠪᠤᠭᠳᠠᠭᠤᠯᠤᠨ᠎ᠠ᠃ | ᠪᠦᠭᠦ ᠤᠯᠤᠰ ᠤᠨ ᠨᠢᠭᠡᠳᠦᠯᠲᠡᠢ ᠰᠢᠯᠭᠠᠯᠲᠠ ᠶᠢ 6 ᠰᠠᠷ᠎ᠠ ᠶᠢᠨ 7 ᠤ ᠡᠳᠦᠷ ᠠᠴᠠ ᠡᠬᠢᠯᠡᠨ | ᠶᠠᠪᠤᠭᠳᠠᠭᠤᠯᠤᠨ᠎ᠠ᠂ ᠪᠣᠳᠠᠲᠠᠢ ᠬᠢᠴᠢᠶᠡᠯ ᠲᠦᠷᠦᠯ ᠤᠨ ᠰᠢᠯᠭᠠᠯᠲᠠ ᠶᠢᠨ ᠴᠠᠭ ᠭᠡᠪᠡᠯ 6 ᠰᠠᠷ᠎ᠠ ᠶᠢᠨ 7 ᠤ | ᠡᠳᠦᠷ ᠤᠨ9᠄ 00 ᠠᠴᠠ 11᠄ 30 ᠲᠤ ᠭᠡᠯᠡ ᠪᠢᠴᠢᠭ;15᠄ 00 ᠠᠴᠠ 17᠄ 00 ᠲᠤ ᠲᠣᠭᠠᠨ ᠤ | ᠤᠬᠠᠭᠠᠨ᠃ 6 ᠰᠠᠷ᠎ᠠ 8 ᠤ ᠡᠳᠦᠷ ᠤᠨ 9᠄ 00 ᠠᠴᠠ 11᠄ 30 ᠲᠤ ᠨᠡᠶᠢᠭᠡᠮ ᠤᠨ ᠰᠢᠨᠵᠢᠯᠡᠬᠦ ᠤᠬᠠᠭᠠᠨ ᠤ | ᠶᠡᠷᠦᠩᠬᠡᠶᠢᠯᠡᠭᠰᠡᠨ ᠭᠢᠴᠢᠶᠠᠯ;15᠄ 00 ᠠᠴᠠ17᠄ 00 ᠲᠤ ᠭᠠᠳᠠᠭᠠᠳᠤ ᠭᠡᠯᠡ᠂ ᠭᠠᠳᠠᠭᠠᠳᠤ ᠬᠡᠯᠡᠨ ᠤ | ᠰᠤᠨᠤᠰᠬᠤ ᠴᠢᠳᠠᠪᠤᠷᠢ ᠶᠢᠨ ᠰᠢᠯᠭᠠᠯᠲᠠ ᠶᠢᠨ ᠠᠭᠤᠯᠭ᠎ᠠ ᠶᠢ ᠶᠡᠷᠦ ᠳᠡᠭᠡᠨ ᠭᠠᠳᠠᠭᠠᠳᠤ ᠬᠡᠯᠡᠨ ᠤ ᠪᠢᠷ ᠤᠨ ᠰᠢᠯᠭᠠᠯᠲᠠ | ᠡᠬᠢᠯᠡᠬᠦ ᠠᠴᠠ ᠡᠮᠦᠨ᠎ᠡ ᠲᠣᠬᠢᠷᠠᠭᠤᠯᠤᠨ᠎ᠠ᠃ | ᠡᠯ᠎ᠡ ᠮᠤᠵᠢ ︵ᠣᠷᠣᠨ᠂ ᠬᠤᠳᠠ︶ ᠶᠢᠨ ᠰᠢᠯᠭᠠᠯᠲᠠ ᠶᠢᠨ ᠬᠢᠴᠢᠶᠡᠯ ᠲᠦᠷᠦᠯ ᠤᠨ ᠨᠡᠷᠡᠶᠢᠳᠦᠯ ᠨᠢ | ᠪᠦᠭᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠦᠷᠦᠯ ᠤᠨ ᠨᠡᠷᠡᠶᠢᠳᠦᠯ ᠲᠠᠢ ᠠᠳᠠᠯᠢ ᠲᠦᠷᠦᠯ ᠢ | ᠡᠷᠬᠡᠪᠰᠢ ᠪᠦᠭᠦ ᠤᠯᠤᠰ ᠤᠨ ᠨᠢᠭᠡᠳᠦᠯᠲᠡᠢ ᠰᠢᠯᠭᠠᠬᠤ ᠴᠠᠭ ᠲᠤ ᠲᠣᠬᠢᠷᠠᠭᠤᠯᠤᠨ ᠰᠢᠯᠭᠠᠬᠤ ᠬᠡᠷᠡᠭᠲᠡᠢ᠃ | ᠮᠤᠵᠢ ᠶᠢᠨ ᠱᠠᠲᠤᠨ ᠤ ᠨᠢᠭᠡᠳᠦᠯᠲᠡᠢ ᠰᠢᠯᠭᠠᠯᠲᠠ ᠪᠠ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ | ᠡᠯᠰᠡᠬᠦ ᠰᠢᠯᠭᠠᠯᠲᠠ ᠶᠢᠨ ᠴᠠᠭ ᠢ ᠡᠯ᠎ᠡ ᠮᠤᠵᠢ ᠶᠢᠨ ᠱᠠᠲᠤᠨ ᠤ ᠰᠤᠷᠤᠬᠴᠢ ᠡᠯᠰᠡᠬᠦ ᠵᠥᠪᠯᠡᠯ ᠪᠠ ᠶᠡᠭᠡ ᠳᠡᠭᠡᠳᠦ | ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ | ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ | |