ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠣᠷᠣᠨ ᠣᠳᠣᠬᠢᠴᠢᠯᠠᠭᠰᠠᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ  ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/21
               ᠴᠡᠰᠦ᠋ᠷᠦᠩᠮ᠎ᠠ ᠨᠠᠷᠠᠰᠤ︶ ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠣᠷᠣᠨ ᠮᠠᠯ ᠠᠵᠤ ᠠᠬᠤᠢ ᠲᠠᠷᠢᠶᠠᠯᠠᠩ ᠤᠨ ᠭᠡᠯᠪᠠᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠵᠦ ᠪᠠᠶᠢᠨ᠎ᠠ᠃          ᠰᠤᠷᠪᠤᠯᠵᠢᠯᠠᠬᠴᠢ ᠵᠢᠷᠭᠠᠯᠰᠠᠶᠢᠬᠠᠨ ᠪᠠᠯᠭᠠᠰᠤᠨ ᠤ ᠠᠭᠲᠠ ᠶᠢᠨ ᠤᠰᠤ ᠭᠠᠴᠠᠭᠠᠨ ᠳᠤ ᠬᠦᠷᠬᠦ ᠳᠤ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠡᠵᠡᠩᠨᠡᠵᠦ ᠪᠠᠶᠢᠭ᠎ᠠ ᠬᠠᠨ ᠰᠢᠦ ᠴᠢᠨ ᠦᠬᠡᠷ ᠮᠠᠯ ᠢᠶᠠᠨ ᠲᠡᠵᠢᠭᠡᠵᠦ ᠶᠠᠭᠠᠷᠠᠨ᠎ᠠ᠃ ᠲᠡᠳᠡ ᠤᠯᠠᠮᠵᠢᠯᠠᠯᠲᠤ ᠮᠠᠯ ᠠᠵᠤ ᠠᠬᠤᠢ ᠶᠢᠨ ᠡᠵᠡᠩᠨᠡᠯᠲᠡ ᠶᠢᠨ ᠵᠠᠭᠪᠤᠷ ᠢ ᠬᠥᠭᠵᠢᠭᠦᠯᠦᠨ ᠪᠤᠳᠠ ᠪᠤᠭ ᠮᠠᠯ ᠲᠡᠵᠢᠭᠡᠵᠦ ᠦᠷᠡᠵᠢᠭᠦᠯᠬᠦ ᠶᠢᠨ ᠳᠠᠭᠠᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠮᠨᠢᠭ ᠰᠤᠷᠭᠠᠵᠤ᠂ ᠤᠨᠤᠵᠤ ᠰᠤᠷᠭᠠᠭᠰᠠᠨ ᠮᠣᠷᠢ ᠪᠠᠨ ᠵᠢᠭᠤᠯᠴᠢᠯᠠᠯ ᠳᠤ ᠠᠰᠢᠭᠯᠠᠬᠤ ᠵᠠᠮ ᠢ ᠰᠦᠪᠡᠭᠴᠢᠯᠡᠵᠡᠢ᠃ ︽2024 ᠣᠨ ᠳᠤ 16 ᠡᠮᠨᠢᠭ ᠰᠤᠷᠭᠠᠵᠠᠢ᠂ ᠵᠤᠨ ᠪᠣᠯᠪᠠᠯ ᠵᠢᠭᠤᠯᠴᠢᠯᠠᠯ ᠤᠨ ᠭᠠᠵᠠᠷ ᠲᠤ ᠠᠪᠠᠴᠢᠵᠤ ᠬᠤᠳᠠᠯᠳᠤᠬᠤ ᠪᠤᠶᠤ ᠲᠦᠷᠢᠶᠡᠰᠦᠯᠡᠳᠡᠭ᠃ ᠡᠭᠦᠨ ᠠᠴᠠ ᠭᠠᠳᠠᠨ᠎ᠠ 48 ᠢᠩᠭᠡ ᠶᠢ ᠰᠢᠨᠵᠢᠶᠠᠩ ᠤᠷᠤᠭᠤ ᠬᠤᠳᠠᠯᠳᠤᠭᠠᠳ 20 ᠭᠠᠷᠤᠢ ᠦᠨᠢᠶ᠎ᠡ ᠬᠤᠳᠠᠯᠳᠤᠨ ᠠᠪᠴᠤ᠂ 500 ᠭᠠᠷᠤᠢ ᠪᠤᠭ ᠮᠠᠯ ᠢᠶᠠᠨ ᠨᠢᠩᠰᠢᠶᠠ ᠤᠷᠤᠭᠤ ᠬᠤᠳᠠᠯᠳᠤᠨ100 ᠭᠠᠷᠤᠢ ᠲᠦᠮᠡᠨ ᠲᠥᠭᠦᠷᠢᠭ ᠤᠨ ᠤᠷᠤᠯᠭ᠎ᠠ ᠣᠯᠵᠠᠢ᠂ ᠶᠡᠭᠡ ᠬᠠᠨᠤᠮᠵᠢᠳᠠᠢ ᠪᠠᠶᠢᠨ᠎ᠠ︾ ᠭᠡᠵᠦ ᠬᠠᠨ ᠰᠢᠦ ᠴᠢᠨ ᠶᠠᠷᠢᠨ᠎ᠠ᠃          ᠠᠭᠲᠠ ᠶᠢᠨ ᠤᠰᠤ ᠭᠠᠴᠠᠭᠠᠨ ᠤ ᠱᠦᠵᠢ ᠸᠠᠩ ᠯᠢ ᠬᠤ᠋᠄ ︽ᠬᠠᠨ ᠰᠢᠦ ᠴᠢᠨ ᠤ ᠵᠤᠭᠠᠴᠠᠭᠰᠠᠳ ᠲᠤ ᠮᠣᠷᠢ ᠣᠨᠣᠭᠤᠯᠬᠤ ᠵᠢᠭᠤᠯᠴᠢᠯᠠᠯ ᠤᠨ ᠦᠢᠯᠡᠰ ᠬᠥᠭᠵᠢᠪᠡᠯ ᠭᠠᠴᠠᠭᠠᠨ ᠤ ︿ᠬᠤᠶᠠᠷ ᠵᠥᠪᠯᠡᠯ﹀ ᠤᠨ ᠬᠢᠨ ᠤᠯᠠᠨ ᠢ ᠲᠠᠶᠢᠴᠢᠯᠠᠨ ᠭᠠᠴᠠᠭᠠᠨ ᠤ ᠭᠠᠵᠠᠷ ᠣᠷᠣᠨ ᠤ ᠳᠠᠪᠠᠭᠤᠯᠢᠭ ᠢ ᠰᠠᠶᠢᠲᠤᠷ ᠠᠰᠢᠭᠯᠠᠨ ᠵᠠᠮ ᠳᠠᠭᠠᠤ ᠮᠠᠯᠵᠢᠬᠤ ᠣᠷᠣᠨ ᠤ ᠵᠢᠭᠤᠯᠴᠢᠯᠠᠯ ᠢ ᠨᠡᠭᠡᠭᠡᠨ ᠬᠥᠭᠵᠢᠭᠦᠯᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ᠃ ᠮᠠᠨ ᠤ ᠭᠠᠴᠠᠭ᠎ᠠ ᠪᠠᠰᠠ ᠪᠠᠷᠢᠮᠵᠢᠶᠠᠵᠢᠭᠰᠠᠨ᠂ ᠡᠷᠴᠢᠮᠵᠢᠭᠰᠡᠨ᠂ ᠬᠡᠪᠴᠢᠶᠡᠵᠢᠭᠰᠡᠨ ᠢᠩᠭᠡᠨ ᠰᠦ ᠶᠢᠨ ᠬᠤᠷᠰᠢᠶᠠᠵᠢᠯ ᠪᠠᠶᠢᠭᠤᠯᠤᠭᠠᠳ ᠡᠨᠡ ᠵᠢᠯ ᠬᠡᠷᠡᠭᠯᠡᠭᠡᠨ ᠳᠤ ᠣᠷᠣᠪᠠᠯ᠂ ᠬᠥᠮᠥᠨ ᠪᠦᠷᠢ ᠶᠢᠨ ᠵᠢᠯ ᠤᠨ ᠳᠤᠮᠳᠠᠴᠢ ᠣᠷᠣᠯᠭ᠎ᠠ 2 - 3 ᠲᠦᠮᠡᠨ ᠲᠥᠭᠦᠷᠢᠭ ᠨᠡᠮᠡᠭᠳᠡᠨ᠎ᠡ︾ ᠭᠡᠪᠡ᠃          ᠵᠢᠷᠭᠠᠯᠰᠠᠶᠢᠬᠠᠨ ᠪᠠᠯᠭᠠᠰᠤᠨ ᠤ ᠬᠤᠶᠠᠷᠬᠤᠳᠳᠤᠭ ᠭᠠᠴᠠᠭᠠᠨ ᠤ ᠮᠠᠯᠴᠢᠨ ᠲᠠᠷᠢᠶᠠᠴᠢᠳ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠪᠠᠶᠠᠯᠢᠭ ᠲᠤᠷᠰᠢᠯᠭ᠎ᠠ ᠬᠤᠷᠠᠮᠳᠤᠭᠤᠯᠤᠭᠰᠠᠨ ᠲᠤᠯᠠ ᠭᠠᠴᠠᠭ᠎ᠠ ᠨᠢ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠭᠦ ᠬᠤᠷᠰᠢᠶᠠᠵᠢᠯ ᠪᠠᠶᠢᠭᠤᠯᠵᠠᠢ ᠃ ᠬᠤᠶᠠᠷᠬᠤᠳᠳᠤᠭ ᠭᠠᠴᠠᠭᠠᠨ ᠤ ᠮᠠᠯᠴᠢᠨ ᠰᠦᠬᠡᠪᠠᠭᠠᠲᠤᠷ᠄ ︽ᠡᠯᠵᠢᠭᠡ ᠶᠢᠨ ᠣᠷᠣᠯᠭ᠎ᠠ ᠡᠨᠡ ᠬᠡᠳᠦᠨ ᠵᠢᠯ ᠶᠡᠭᠡ ᠰᠠᠶᠢᠨ᠂ ᠵᠢᠯ ᠤᠨ ᠳᠣᠲᠣᠷ᠎ᠠ ᠲᠠᠪᠤ ᠵᠢᠷᠭᠤᠭᠠᠨ ᠮᠢᠩᠭᠠᠨ ᠲᠥᠭᠦᠷᠢᠭ ᠲᠤ ᠭᠦᠷᠳᠡᠭ᠃ ᠠᠩᠬ᠎ᠠ ᠬᠡᠳᠦᠬᠡᠨ ᠡᠯᠵᠢᠭᠡ ᠬᠤᠳᠠᠯᠳᠤᠵᠤ ᠠᠪᠤᠭᠠᠳ ᠠᠷᠪᠠᠭᠠᠳ ᠵᠢᠯ ᠥᠰᠬᠡᠵᠡᠢ᠂ ᠤᠳᠤ ᠬᠤᠷᠢᠭᠠᠳ ᠡᠯᠵᠢᠭᠡ ᠲᠠᠢ᠂2024 ᠣᠨ ᠳᠤ ᠲᠠᠪᠤ ᠵᠢᠷᠭᠤᠭ᠎ᠠ ᠶᠢ ᠬᠤᠳᠠᠯᠳᠤᠭᠠᠳ3 ᠲᠦᠮᠡᠨ ᠲᠥᠭᠦᠷᠢᠭ ᠤᠨ ᠤᠷᠤᠯᠭ᠎ᠠ ᠣᠯᠵᠠᠢ︾ ᠭᠡᠵᠦ ᠶᠠᠷᠢᠨ᠎ᠠ᠃ ᠬᠤᠶᠠᠷᠬᠤᠳᠳᠤᠭ ᠭᠠᠴᠠᠭᠠᠨ ᠤ ᠱᠦᠵᠢ ᠮᠠ ᠪᠢᠨ᠄ ︽ᠮᠠᠨ ᠤ ᠭᠠᠴᠠᠭᠠᠨ ᠤ 20 ᠬᠡᠳᠦᠨ ᠮᠠᠯᠴᠢᠨ ᠡᠷᠦᠭᠡ ᠬᠠᠷ᠎ᠠ ᠡᠯᠵᠢᠭᠡ ᠲᠡᠵᠢᠭᠡᠵᠦ ᠪᠠᠶᠢᠨ᠎ᠠ᠃ ᠬᠤᠷᠰᠢᠶᠠᠵᠢᠯ ᠪᠠᠶᠢᠭᠤᠯᠵᠤ ᠣᠨᠴᠠᠯᠢᠭᠲᠤ ᠬᠠᠷ᠎ᠠ ᠡᠯᠵᠢᠭᠡ ᠲᠡᠵᠢᠭᠡᠬᠦ ᠪᠠᠷ ᠪᠣᠯᠵᠠᠢ᠂ ᠭᠤᠣᠯᠳᠠᠭᠤ ᠮᠠᠯᠴᠢᠨ ᠡᠷᠦᠭᠡ ᠲᠠᠢ ᠬᠤᠷᠰᠢᠬᠤ ᠠᠷᠭ᠎ᠠ ᠮᠠᠶ᠋ᠢᠭ ᠢᠶᠠᠷ ᠭᠠᠴᠠᠭᠠᠨ ᠤ ᠰᠤᠯᠠ ᠪᠠᠶᠢᠭ᠎ᠠ ᠬᠠᠮᠲᠤ ᠶᠢᠨ ᠪᠡᠯᠴᠢᠭᠡᠷ ᠢ ᠭᠦᠢᠴᠡᠳ ᠠᠰᠢᠭᠯᠠᠨ᠂ ᠮᠠᠯᠴᠢᠨ ᠡᠷᠦᠭᠡ ᠲᠠᠢ ᠠᠰᠢᠭ ᠬᠤᠪᠢᠶᠠᠨ᠎ᠠ᠃ 20% ᠶᠢᠨ ᠠᠰᠢᠭ ᠬᠤᠨᠵᠢᠪᠤᠷᠢ ᠪᠠᠷ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠵᠦ᠂ ᠦᠯᠡᠳᠡᠭᠰᠡᠨ ᠵᠣᠭᠤᠰ ᠢᠶᠠᠷ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ︾ ᠭᠡᠪᠡ᠃          ᠵᠢᠷᠭᠠᠯᠰᠠᠶᠢᠬᠠᠨ ᠪᠠᠯᠭᠠᠰᠤᠨ ᠤ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠰᠠᠭᠤᠷᠢᠨ ᠭᠠᠵᠠᠷ ᠤᠨ ᠳᠤᠯᠠᠭᠠᠨ ᠬᠦᠯᠡᠮᠵᠢ ᠳᠤ ᠡᠯ᠎ᠡ ᠵᠦᠢᠯ ᠤᠨ ᠢᠳᠡᠰᠢᠨ ᠨᠣᠭᠤᠭ᠎ᠠ ᠵᠢᠮᠢᠰ ᠳᠠᠷᠢᠭᠰᠠᠨ ᠪᠠᠶᠢᠯ᠎ᠠ᠃ ᠵᠢᠷᠭᠠᠯᠰᠠᠶᠢᠬᠠᠨ ᠪᠠᠯᠭᠠᠰᠤᠨ ᠤ ᠢᠳᠡᠰᠢᠨ ᠨᠣᠭᠤᠭ᠎ᠠ ᠬᠠᠩᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠵᠢᠱᠢᠶ᠎ᠡ ᠦᠵᠡᠭᠦᠯᠭᠦ ᠣᠷᠣᠨ ᠤ 2024 ᠣᠨ ᠳᠤ ᠬᠡᠷᠡᠭᠵᠢᠭᠦᠯᠦᠭᠰᠡᠨ ᠭᠤᠣᠯᠳᠠᠯᠭ᠎ᠠ ᠲᠠᠢ ᠲᠠᠷᠢᠶᠠᠯᠠᠩ ᠤᠨ ᠲᠥᠷᠥᠯ ᠵᠦᠢᠯ ᠪᠣᠯᠣᠨ᠎ᠠ᠂ ᠲᠦᠷᠦᠯ ᠵᠦᠢᠯ ᠳᠤ ᠤᠤᠯ ᠤᠨ ᠪᠠᠶᠢᠭᠰᠠᠨ 117 ᠳᠤᠯᠠᠭᠠᠨ ᠬᠦᠯᠡᠮᠵᠢ ᠶᠢ ᠥᠭᠡᠷᠡᠴᠢᠯᠡᠨ ᠵᠠᠰᠠᠬᠤ ᠶᠢᠨ ᠬᠠᠮᠲᠤ ᠤᠰᠤ ᠬᠠᠳᠠᠭᠠᠯᠠᠬᠤ ᠲᠠᠲᠠᠭᠠᠯ 1 ᠶᠢ ᠰᠢᠨ᠎ᠡ ᠪᠠᠷ ᠪᠠᠶᠢᠭᠤᠯᠬᠤ ᠪᠠ ᠵᠠᠮ ᠵᠠᠰᠠᠬᠤ᠂ ᠬᠠᠷᠠᠵᠤ ᠬᠠᠮᠠᠭᠠᠯᠠᠬᠤ ᠭᠡᠷ ᠪᠠᠶᠢᠰᠢᠩ ᠵᠡᠷᠭᠡ ᠴᠢᠬᠤᠯᠠ ᠳᠠᠭᠠᠯᠲᠠ ᠲᠥᠬᠦᠭᠡᠷᠦᠮᠵᠢ ᠶᠢ ᠪᠠᠶᠢᠭᠤᠯᠵᠤ᠂ ᠳᠤᠯᠠᠭᠠᠨ ᠬᠦᠯᠡᠮᠵᠢ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠦᠷᠢᠯᠡᠵᠦ᠂ ᠣᠨᠴᠠᠯᠢᠭᠲᠤ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠬᠦ ᠶᠢᠨ ᠬᠠᠮᠲᠤ ᠣᠯᠠᠨ ᠲᠦᠮᠡᠨ ᠤ ᠬᠠᠩᠭᠠᠯᠭ᠎ᠠ ᠶᠢ ᠪᠠᠲᠤᠯᠠᠬᠤ ᠪᠣᠯᠣᠨ᠎ᠠ᠃ᠥᠪᠥᠷ ᠮᠣᠩᠭᠤᠯ ᠤᠨ ᠴᠢ ᠸᠠᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠶᠠᠩ ᠵᠥᠩ ᠶᠤᠸᠠᠨ᠄ ︽ᠣᠳᠣᠬᠠᠨ ᠳᠤ 42 ᠬᠦᠯᠡᠮᠵᠢᠨ ᠳᠤ ᠦᠵᠦᠮ᠂ ᠲᠥᠪᠡᠳ ᠬᠠᠰᠢ᠂ ᠯᠠᠵᠤᠤ ᠵᠡᠷᠭᠡ ᠶᠢ ᠳᠠᠷᠢᠵᠠᠢ᠃ ᠪᠦᠭᠦᠶᠢᠯᠡ ᠳᠤᠯᠠᠭᠠᠨ ᠬᠦᠯᠡᠮᠵᠢ ᠶᠢᠨ ᠥᠭᠡᠷᠡᠴᠢᠯᠡᠯᠲᠡ ᠶᠢ 2025 ᠣᠨ ᠤ 4 ᠰᠠᠷ᠎ᠠ ᠶᠢᠨ ᠰᠡᠭᠦᠯᠴᠢ ᠪᠠᠷ ᠪᠦᠭᠦᠨ ᠢ ᠪᠡᠶᠡᠯᠡᠭᠦᠯᠦᠨ᠎ᠡ᠃ ᠬᠤᠵᠢᠮ ᠵᠢᠷᠭᠠᠯᠰᠠᠶᠢᠬᠠᠨ ᠪᠠᠯᠭᠠᠰᠤ ᠪᠣᠯᠣᠨ ᠠᠯᠠᠱᠠ ᠵᠡᠭᠦᠨ ᠬᠤᠰᠢᠭᠤᠨ ᠤ ᠬᠠᠩᠭᠠᠯᠭ᠎ᠠ ᠶᠢ ᠪᠠᠲᠤᠯᠠᠭᠰᠠᠨ ᠤᠷᠢᠲᠠᠯ ᠳᠣᠣᠷ᠎ᠠ᠂ ᠪᠠᠰᠠ ᠨᠢᠩᠰᠢᠶᠠ ᠤᠷᠤᠭᠤ ᠪᠣᠷᠣᠯᠠᠭᠤᠯᠤᠨ᠎ᠠ︾ ᠭᠡᠵᠦ ᠲᠥᠯᠥᠪᠯᠡᠭᠡ ᠪᠠᠨ ᠶᠠᠷᠢᠵᠤ ᠪᠠᠶᠢᠯ᠎ᠠ᠃          ᠵᠢᠷᠭᠠᠯᠰᠠᠶᠢᠬᠠᠨ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠡᠷᠭᠢᠯᠡᠭᠴᠢ ᠵᠣᠣ ᠶᠢᠩ ᠴᠧᠨ᠄ ︽ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠲᠠᠷᠢᠬᠤ ᠪᠠ ᠲᠡᠵᠢᠭᠡᠨ ᠦᠷᠡᠵᠢᠭᠦᠯᠬᠦ ᠪᠦᠲᠦᠴᠡ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠯᠢᠳᠡᠭᠵᠢᠭᠦᠯᠦᠨ ᠲᠣᠬᠢᠷᠠᠭᠤᠯᠵᠤ᠂ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠪᠦᠭᠦ ᠲᠠᠯ᠎ᠠ ᠪᠠᠷ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ︾ ᠭᠡᠪᠡ᠃          ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠣᠷᠣᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠶᠢᠨ ᠬᠥᠭᠵᠢᠯᠲᠡ ᠶᠢᠨ ᠲᠡᠩᠴᠡᠭᠦᠷᠢ ᠶᠢ ᠴᠢᠬᠤᠯᠴᠢᠯᠠᠨ᠂ ᠣᠨᠴᠠᠯᠢᠭᠲᠤ ᠮᠠᠯ ᠠᠵᠤ ᠠᠬᠤᠢ᠂ ᠲᠥᠬᠦᠭᠡᠷᠦᠮᠵᠢᠲᠦ ᠲᠠᠷᠢᠶᠠᠯᠠᠩ ᠵᠡᠷᠭᠡ ᠠᠵᠤ ᠦᠢᠯᠡᠰ ᠢ ᠬᠥᠭᠵᠢᠭᠦᠯᠵᠦ᠂ ᠥᠪᠡᠷᠮᠢᠴᠡ ᠣᠨᠴᠠᠯᠢᠭ ᠲᠠᠢ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠥᠭᠵᠢᠯ ᠢ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠡᠮᠡᠷᠢᠯᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号