| ᠲᠤᠰ ᠰᠣᠨᠢᠨ ᠤ ᠰᠤᠷᠪᠤᠯᠵᠢᠯᠠᠬᠴᠢ ᠸᠠᠩ ᠫᠢᠩ ᠨᠠᠮᠢᠷᠠ | ᠲᠦᠷᠦᠭᠦᠬᠡᠨ᠂ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠠᠴᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠪᠠᠷ ᠵᠢᠯᠣᠭᠤᠳᠤᠮᠵᠢ ᠪᠤᠯᠭᠠᠵᠤ᠂ ︽ᠨᠢᠭᠡ ᠵᠢᠱᠢᠶ᠎ᠡ ᠦᠵᠡᠭᠦᠯᠭᠦ ᠠᠶᠢᠮᠠᠭ ᠢ | ᠪᠠᠶᠢᠭᠤᠯᠬᠤ︾ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠪᠦᠭᠦ ᠬᠦᠴᠦᠨ ᠢᠶᠠᠷ ᠠᠬᠢᠭᠤᠯᠤᠨ᠂ ᠤᠮᠠᠷᠠᠲᠤ | ᠬᠢᠯᠢ ᠶᠢᠨ ᠰᠣᠶᠣᠯ ᠤᠨ ᠨᠡᠷ᠎ᠡ ᠲᠡᠮᠳᠡᠭ ᠢ ᠰᠠᠶᠢᠲᠤᠷ ᠪᠠᠳᠠᠷᠠᠭᠤᠯᠵᠤ᠂ ᠤᠶᠠᠯᠳᠤᠨ ᠠᠭᠤᠰᠤᠯᠴᠠᠬᠤ ᠶᠢ ᠰᠠᠶᠢᠲᠤᠷ | ᠠᠬᠢᠭᠤᠯᠤᠨ᠂ ᠪᠦᠯᠬᠦᠮᠳᠡᠨ ᠲᠡᠮᠡᠴᠡᠬᠦ ᠬᠦᠴᠦᠨ ᠢ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠤᠨ ᠲᠠᠷᠠᠭ᠎ᠠ ᠪᠦᠭᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠭᠲᠠᠭᠠᠨ | ᠴᠤᠤᠷᠢᠶᠠᠲᠤᠨ ᠳᠠᠭᠠᠵᠤ᠂ ᠡᠯ᠎ᠡ ᠵᠦᠢᠯ ᠤᠨ ᠠᠵᠢᠯ ᠢᠶᠠᠨ ᠪᠦᠭᠦ ᠲᠠᠯ᠎ᠠ ᠪᠠᠷ ᠥᠷᠨᠢᠭᠦᠯᠦᠨ᠂ ᠦᠨᠡᠨ ᠬᠦ ᠠᠳᠬᠤᠨ | ᠪᠣᠳᠠᠲᠠᠢ ᠠᠵᠢᠯᠯᠠᠬᠤ ᠵᠣᠷᠢᠭ ᠢᠶᠠᠷ ᠬᠤᠷᠠᠯ ᠤᠨ ᠵᠣᠷᠢᠭ ᠰᠠᠨᠠᠭ᠎ᠠ ᠶᠢ ᠤᠮᠠᠷᠠᠲᠤ ᠬᠢᠯᠢ ᠶᠢᠨ ᠰᠣᠶᠣᠯ ᠤᠨ ᠴᠡᠴᠡᠭᠯᠡᠯ | ᠬᠥᠭᠵᠢᠯ ᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠵᠣᠷᠢᠭᠰᠠᠨ ᠪᠠᠶᠢᠨ᠎ᠠ᠃ | ᠰᠤᠷᠪᠤᠯᠵᠢᠯᠠᠬᠴᠢ ᠠᠶᠢᠮᠠᠭ ᠤᠨ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠣᠷᠣᠬᠤ ᠳᠤ᠂ | ᠲᠣᠭᠯᠠᠭᠴᠢᠳ ︽ᠡᠯᠡᠰᠦ ᠮᠠᠩᠬᠠᠨ ᠤ ᠠᠰᠢᠳᠠ ᠶᠢᠨ ᠤᠳᠤ︾ ᠬᠡᠮᠡᠬᠦ ᠶᠠᠷᠢᠶᠠᠲᠤ ᠵᠦᠴᠦᠭᠡ ᠪᠠᠨ ᠤᠯᠠᠮ ᠴᠢᠨᠠᠷᠯᠢᠭ | ᠲᠣᠭᠯᠠᠬᠤ ᠶᠢᠨ ᠲᠤᠰᠠᠳᠠ ᠪᠠᠴᠢᠮ ᠶᠠᠭᠠᠷᠠᠯᠲᠠᠢ ᠪᠣᠯᠪᠠᠰᠤᠷᠠᠵᠤ ᠪᠠᠶᠢᠯ᠎ᠠ᠃ ᠲᠦᠷᠦᠭᠦᠬᠡᠨ ᠲᠣᠰ ᠶᠠᠷᠢᠶᠠᠲᠤ | ᠵᠦᠴᠦᠭᠡ ᠶᠢ ᠠᠯᠳᠠᠨ ᠲᠣᠣᠷᠠᠢ ᠳᠠᠭᠤᠤ ᠬᠥᠭᠵᠢᠮ ᠤᠨ ᠲᠢᠩᠬᠢᠮ ᠳᠤ ᠠᠩᠬ᠎ᠠ ᠲᠣᠭᠯᠠᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠠᠩᠬᠠᠷᠤᠯ ᠪᠠ ᠦᠵᠡᠭᠴᠢᠳ ᠤᠨ ᠰᠠᠶᠢᠨ ᠦᠨᠡᠯᠡᠯᠲᠡ ᠶᠢ ᠣᠯᠵᠤ᠂ ᠭᠤᠶᠢᠽᠠ ᠶᠢᠨ ᠭᠤᠣᠯ | ᠴᠠᠭ ᠠᠭᠤᠷ ᠤᠨ ᠥᠷᠲᠡᠭᠡᠨ ᠤ ᠠᠵᠢᠯᠲᠠᠳ ᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠭᠰᠠᠨ | ᠪᠠᠶᠢᠨ᠎ᠠ᠃ ︽︿ᠡᠯᠡᠰᠦ ᠮᠠᠩᠬᠠᠨ ᠤ ᠠᠰᠢᠳᠠ ᠶᠢᠨ ᠣᠳᠣ﹀ ᠶᠢ ᠠᠮᠵᠢᠯᠲᠠ ᠲᠠᠢ ᠲᠣᠭᠯᠠᠭᠰᠠᠨ ᠨᠢ ᠤᠷᠠᠯᠢᠭ ᠤᠨ | ᠲᠠᠯ᠎ᠠ ᠪᠠᠷ ᠬᠢ ᠬᠠᠶᠢᠨ ᠰᠦᠪᠡᠭᠴᠢᠯᠡᠯᠲᠡ ᠪᠤᠯᠬᠤ ᠪᠠᠷ ᠪᠠᠷᠠᠬᠤ ᠦᠭᠡᠢ᠂ ᠨᠡᠩ ᠴᠤ ᠤᠮᠠᠷᠠᠲᠤ ᠬᠢᠯᠢ ᠶᠢᠨ ᠰᠣᠶᠣᠯ ᠢ | ᠤᠯᠠᠮᠵᠢᠯᠠᠨ ᠬᠥᠭᠵᠢᠭᠦᠯᠬᠦ ᠳᠤ ᠬᠥᠭᠦᠷᠭᠡ ᠲᠠᠯᠪᠢᠵᠤ᠂ ᠵᠠᠯᠠᠭᠤ ᠬᠥᠮᠥᠰ ᠲᠤ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ | ᠲᠡᠰᠪᠦᠷᠢ ᠬᠠᠲᠠᠭᠤᠵᠢᠯᠲᠠᠢ ᠲᠡᠮᠡᠴᠡᠬᠦ ᠲᠤᠬᠠᠢ ᠨᠡᠩ ᠭᠦᠨᠵᠡᠭᠡᠢ ᠲᠠᠨᠢᠯᠲᠠ ᠲᠠᠢ ᠪᠤᠯᠭᠠᠬᠰᠠᠨ ᠪᠥᠭᠡᠳ ᠨᠡᠩ ᠤᠯᠠᠨ | ᠬᠥᠮᠥᠰ ᠲᠤ ᠠᠯᠠᠱᠠ ᠶᠢᠨ ᠥᠪᠡᠷᠮᠢᠴᠡ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠠᠢ︾᠃ ︽ᠡᠯᠡᠰᠦ | ᠮᠠᠩᠬᠠᠨ ᠤ ᠠᠰᠢᠳᠠ ᠶᠢᠨ ᠤᠳᠤ︾ ᠶᠠᠷᠢᠶᠠᠲᠤ ᠵᠦᠴᠦᠭᠡ ᠶᠢᠨ ᠭᠦᠢᠴᠡᠳᠭᠡᠭᠴᠢ ᠤᠳᠤᠷᠢᠳᠤᠭᠠᠴᠢ ᠶᠢᠨ ᠭᠡᠷᠡᠯ᠂ | ᠲᠣᠬᠯᠠᠯᠲᠠ ᠶᠢᠨ ᠮᠡᠷᠭᠡᠵᠢᠯ ᠪᠣᠯᠣᠨ ᠶᠠᠷᠢᠶᠠᠲᠤ ᠵᠦᠴᠦᠭᠡ ᠶᠢᠨ ᠠᠭᠤᠯᠭ᠎ᠠ ᠶᠢ ᠦᠷᠭᠦᠯᠵᠢᠯᠡᠨ ᠴᠢᠷᠮᠠᠶᠢᠨ | ᠪᠤᠯᠪᠠᠰᠤᠷᠠᠭᠤᠯᠵᠤ᠂ ᠨᠡᠩ ᠨᠠᠷᠢᠯᠢᠭ ᠲᠣᠬᠯᠠᠯᠲᠠ᠂ ᠨᠡᠩ ᠰᠡᠳᠬᠢᠯ ᠬᠥᠳᠡᠯᠭᠡᠮ᠎ᠡ ᠦᠢᠯᠡ ᠶᠠᠪᠤᠳᠠᠯ ᠢᠶᠠᠷ ᠤᠮᠠᠷᠠᠲᠤ | ᠬᠢᠯᠢ ᠶᠢᠨ ᠰᠣᠶᠣᠯ ᠤᠨ ᠭᠦᠨ ᠠᠭᠤᠯᠬᠤᠨ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠬᠦ ᠪᠠᠷ | ᠴᠢᠷᠮᠠᠶᠢᠨ᠎ᠠ ᠭᠡᠪᠡ᠃ | ᠣᠶᠢᠷ᠎ᠠ ᠶᠢᠨ ᠵᠢᠯ ᠠᠴᠠ᠂ ᠮᠠᠨ ᠤ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠰᠠᠯᠠᠭ᠎ᠠ ᠮᠥᠴᠢᠷ ᠤᠨ ᠬᠢᠨ ᠪᠠᠶᠢᠭᠤᠯᠤᠮᠵᠢ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠨ | ᠲᠦᠮᠡᠨ ᠤ ᠳᠤᠮᠳᠠ ᠦᠨᠳᠦᠰᠦᠯᠡᠨ᠂ ᠠᠮᠢᠳᠤᠷᠠᠯ ᠳᠤ ᠰᠠᠭᠤᠷᠢᠯᠠᠵᠤ᠂ ᠤᠮᠠᠷᠠᠲᠤ ᠬᠢᠯᠢ ᠶᠢᠨ ᠰᠣᠶᠣᠯ ᠢ ᠠᠭᠤᠳᠠᠯᠤᠨ | ᠪᠠᠳᠠᠷᠠᠭᠤᠯᠵᠤ᠂ ᠤᠳᠬ᠎ᠠ ᠵᠣᠬᠢᠶᠠᠯ ᠤᠷᠠᠯᠢᠭ ᠤᠨ ᠭᠡᠯᠪᠡᠷᠢ ᠪᠠᠷ ᠠᠯᠠᠱᠠ ᠶᠢᠨ ᠦᠯᠢᠭᠡᠷ ᠢ ᠰᠠᠶᠢᠲᠤᠷ ᠶᠠᠷᠢᠵᠤ᠂ | ᠤᠳᠬ᠎ᠠ ᠤᠷᠠᠯᠢᠭ ᠤᠨ ᠬᠡᠪ ᠴᠢᠨᠠᠷ ᠪᠣᠯᠣᠨ ᠲᠤᠭ᠎ᠠ ᠬᠡᠮᠵᠢᠶᠡᠨ ᠤ ᠬᠤᠣᠰ ᠦᠰᠦᠷᠦᠯᠲᠡ ᠶᠢ ᠪᠡᠶᠡᠯᠡᠭᠦᠯᠵᠡᠢ᠃ | ᠵᠥᠪᠭᠡᠨ 2024 ᠣᠨ ᠳᠤ ᠮᠠᠨ ᠤ ᠠᠶᠢᠮᠠᠭ ᠨᠠᠶᠢᠳᠠ 59 ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ | ᠵᠣᠬᠢᠶᠠᠨ ᠪᠦᠲᠦᠭᠡᠵᠡᠢ᠃ ᠤᠯᠠᠭᠠᠨᠮᠥ᠋ᠴᠢᠷ ᠤᠨ 4 ᠡ᠊ᠩᠨᠡᠭᠡ ᠮᠠᠯᠵᠢᠬᠤ ᠲᠠᠷᠢᠶᠠᠯᠠᠬᠤ ᠣᠷᠣᠨ᠂ ᠦᠢᠯᠡᠳᠪᠦᠷᠢ | ᠠᠭᠤᠷᠬᠠᠢ᠂ ᠳᠤᠮᠳᠠᠳᠤ ᠪᠠᠭ᠎ᠠ ᠰᠤᠷᠭᠠᠭᠤᠯᠢ ᠳᠤ 530 ᠲᠠᠯᠠᠪᠠᠢ ᠤᠳᠠᠭ᠎ᠠ ᠶᠢᠨ ᠲᠣᠬᠯᠠᠯᠲᠠ ᠭᠠᠷᠭᠠᠵᠤ᠂ 30 | ᠲᠦᠮᠡᠨ ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠤᠮᠠᠷᠠᠲᠤ ᠬᠢᠯᠢ ᠶᠢᠨ ᠰᠣᠶᠣᠯ ᠢ ᠦᠨᠳᠦᠰᠦᠨ | ᠱᠠᠲᠤᠨ ᠳᠤ ᠤᠯᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠴᠦᠨ ᠢ ᠨᠢᠭᠲᠠᠷᠠᠭᠤᠯᠬᠤ ᠤᠶᠤᠨ | ᠰᠠᠨᠠᠭᠠᠨ ᠤ ᠡᠬᠢ ᠪᠤᠯᠠᠭ ᠪᠤᠯᠭᠠᠬᠰᠠᠨ ᠪᠠᠶᠢᠨ᠎ᠠ᠃ | ᠤᠮᠠᠷᠠᠲᠤ ᠬᠢᠯᠢ ᠶᠢᠨ ᠰᠣᠶᠣᠯ ᠨᠢ ᠡᠯᠪᠡᠭ ᠪᠠᠶᠠᠯᠢᠭ ᠠᠭᠤᠯᠬᠤᠨ ᠲᠠᠢ ᠪᠠᠶᠢᠳᠠᠭ᠂ ᠭᠡᠬᠦ ᠳᠡᠭᠡᠨ | ᠲᠠᠷᠢᠶᠠᠯᠠᠬᠤ ᠰᠣᠶᠣᠯ ᠪᠣᠯ ᠲᠡᠭᠦᠨ ᠤ ᠳᠣᠲᠣᠷᠠᠬᠢ ᠴᠢᠬᠤᠯᠠ ᠪᠦᠷᠢᠯᠳᠦᠭᠦᠨ ᠬᠡᠰᠡᠭ ᠮᠥᠨ᠂ ᠭᠠᠴᠠᠭ᠎ᠠ ᠲᠣᠰᠬᠤᠨ ᠤ | ᠳᠠᠭᠤᠤ ᠶᠢᠨ ᠤᠷᠤᠯᠳᠤᠭᠠᠨ ᠨᠢ ᠲᠠᠷᠢᠶᠠᠯᠠᠬᠤ ᠰᠣᠶᠣᠯ ᠤᠨ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ | ᠮᠠᠯᠴᠢᠨ ᠲᠠᠷᠢᠶᠠᠴᠢᠳ ᠤᠨ ᠬᠠᠮᠲᠤ ᠶᠢᠨ ᠰᠡᠳᠬᠢᠯ ᠤᠨ ᠲᠠᠭᠤᠨ ᠢ ᠢᠯᠡᠳᠬᠡᠵᠦ᠂ ᠮᠠᠯᠵᠢᠬᠤ ᠲᠠᠷᠢᠶᠠᠯᠠᠬᠤ ᠣᠷᠣᠨ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠲᠦᠷᠦᠭᠦᠬᠡᠨ | ᠶᠠᠪᠤᠭᠳᠠᠭᠰᠠᠨ ᠠᠯᠠᠱᠠ ᠵᠡᠭᠦᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠭᠠᠴᠠᠭ᠎ᠠ ᠲᠣᠰᠬᠤᠨ ᠤ ᠳᠠᠭᠤᠤ ᠶᠢᠨ | ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠪᠦᠭᠦ ᠬᠤᠰᠢᠭᠤᠨ ᠤ 11 ᠰᠤᠮᠤ ᠪᠠᠯᠭᠠᠰᠤᠨ ᠤ ᠮᠠᠯᠴᠢᠨ | ᠲᠠᠷᠢᠶᠠᠴᠢᠨ ᠲᠠᠭᠤᠴᠢᠳ ᠣᠷᠣᠯᠴᠠᠵᠠᠢ᠃ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ | ᠳᠡᠳ᠋ ᠳᠠᠷᠤᠭ᠎ᠠ ᠯᠢ ᠼᠦᠩ᠂ ᠭᠠᠴᠠᠭ᠎ᠠ ᠲᠤᠰᠬᠤᠨ ᠤ ᠳᠠᠭᠤᠤ ᠶᠢᠨ ᠤᠷᠤᠯᠳᠤᠭᠠᠨ ᠢ ᠡᠷᠭᠢᠯᠡᠭᠰᠡᠨ ᠨᠢ ᠮᠠᠯᠴᠢᠨ | ᠲᠠᠷᠢᠶᠠᠴᠢᠨ ᠳᠤ ᠥᠪᠡᠷ ᠤᠨ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠪᠠᠶᠢᠭᠤᠯᠤᠨ ᠥᠭᠴᠦ᠂ ᠣᠯᠠᠨ | ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠭᠠᠴᠠᠭ᠎ᠠ ᠲᠣᠰᠬᠤᠨ ᠤ ᠳᠠᠭᠤᠤ ᠶᠢᠨ | ᠰᠣᠶᠣᠯ ᠢ ᠨᠠᠩ ᠥᠷᠭᠡᠨ ᠠᠭᠤᠳᠠᠮ ᠲᠠᠪᠴᠠᠩ ᠳᠤ ᠭᠠᠷᠭᠠᠭᠰᠠᠨ ᠮᠥᠷᠲᠡᠭᠡᠨ ᠤᠮᠠᠷᠠᠲᠤ ᠬᠢᠯᠢ ᠶᠢᠨ ᠰᠣᠶᠣᠯ ᠤᠨ | ᠤᠯᠠᠮᠵᠢᠯᠠᠭᠳᠠᠨ ᠬᠥᠭᠵᠢᠬᠦ ᠶᠢ ᠴᠦ ᠠᠬᠢᠭᠤᠯᠤᠭᠰᠠᠨ ᠪᠠᠶᠢᠨ᠎ᠠ ᠭᠡᠪᠡ᠃ | ᠣᠶᠢᠷ᠎ᠠ ᠶᠢᠨ ᠡᠳᠦᠷ ᠤᠳ ᠲᠤ᠂ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠤᠨ ᠬᠢᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠪᠦᠭᠦ | ᠲᠠᠯ᠎ᠠ ᠪᠠᠷ ᠲᠣᠭᠤᠷᠢᠨ ᠪᠠᠶᠢᠴᠠᠭᠠᠵᠤ᠂ ᠪᠠᠭᠤᠷᠢ ᠶᠢ ᠬᠠᠳᠠᠭᠠᠯᠠᠵᠤ ᠪᠠᠶᠢᠭ᠎ᠠ ᠪᠠᠶᠢᠳᠠᠯ᠂ ᠡᠷᠭᠢᠨ ᠲᠣᠭᠤᠷᠢᠨ ᠤ | ᠣᠷᠴᠢᠨ ᠲᠣᠭᠤᠷᠢᠨ ᠤ ᠬᠤᠪᠢᠷᠠᠯᠲᠠ ᠵᠢᠴᠢ ᠵᠣᠷᠢᠭᠤᠳᠠ ᠡᠪᠳᠡᠭᠰᠡᠨ ᠦᠵᠡᠭᠳᠡᠯ ᠪᠠᠶᠢᠬᠤ ᠡᠰᠡᠬᠦ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠠᠩᠬᠠᠷᠤᠨ᠂ ᠲᠡᠷᠡᠴᠢᠯᠡᠨ ᠵᠢᠯᠣᠭᠤᠴᠢ ᠦᠭᠡᠢ ᠨᠢᠰᠬᠡᠯ ᠢ ᠠᠰᠢᠭᠯᠠᠨ ᠬᠦᠷᠬᠦ ᠳᠤ ᠬᠦᠴᠢᠷ ᠣᠷᠣᠨ | ᠪᠦᠰᠡ ᠳᠤ ᠪᠦᠭᠦ ᠲᠠᠯ᠎ᠠ ᠶᠢᠨ ᠬᠠᠶᠢᠨ ᠪᠠᠶᠢᠴᠠᠭᠠᠯᠲᠠ ᠬᠢᠭᠰᠡᠨ ᠪᠠᠶᠢᠨ᠎ᠠ᠃ ︽ᠪᠢᠳᠡ ᠳᠡᠭᠡᠳᠦ ᠱᠠᠲᠤᠨ ᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ | ᠣᠯᠬᠤ ᠪᠠᠷ ᠢᠳᠡᠪᠬᠢᠲᠡᠢ ᠴᠢᠷᠮᠠᠶᠢᠵᠤ᠂ ᠵᠢᠦᠢ ᠶᠠᠨ ᠤ ᠪᠠᠭᠤᠷᠢ ︱ ᠬᠠᠷ᠎ᠠ ᠬᠤᠳᠠ ᠶᠢᠨ ᠪᠠᠭᠤᠷᠢ ᠶᠢ ᠲᠣᠭᠠᠴᠢᠯᠠᠨ | ᠬᠠᠶᠢᠨ ᠰᠢᠨᠵᠢᠯᠡᠵᠦ ᠰᠤᠳᠤᠯᠬᠤ᠂ ᠵᠢᠦᠢ ᠶᠠᠨ ᠤ ᠪᠠᠭᠤᠷᠢ ︱ ᠤᠯᠠᠭᠠᠨ ᠰᠦᠮ᠎ᠡ ᠶᠢᠨ ᠪᠠᠭᠤᠷᠢ ᠶᠢ ᠬᠠᠮᠠᠭᠠᠯᠠᠵᠤ | ᠰᠡᠯᠪᠢᠨ ᠵᠠᠰᠠᠬᠤ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠥᠪᠥᠷ | ᠮᠣᠩᠭᠤᠯ ᠤᠨ ᠵᠢᠦᠢ ᠶᠠᠨ ᠤ ᠪᠠᠭᠤᠷᠢ ᠶᠢ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠦᠵᠡᠭᠦᠯᠭᠡ ᠶᠢᠨ ᠪᠡᠯᠡᠳᠬᠡᠯ ᠠᠵᠢᠯ ᠴᠤ ᠲᠣᠭᠲᠠᠭᠤᠨ ᠢᠶᠠᠷ ᠶᠠᠪᠤᠭᠳᠠᠵᠤ ᠪᠠᠶᠢᠨ᠎ᠠ︾ ᠭᠡᠵᠦ ᠡᠵᠡᠨ᠎ᠡ ᠬᠤᠰᠢᠭᠤᠨ ᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠲᠡᠮᠦᠷ᠎ᠡ ᠰᠤᠷᠪᠤᠯᠵᠢᠯᠠᠬᠴᠢ ᠳᠤ | ᠬᠡᠯᠡᠪᠡ᠃ ᠣᠶᠢᠷ᠎ᠠ ᠶᠢᠨ ᠵᠢᠯ ᠠᠴᠠ ᠮᠠᠨ ᠤ ᠠᠶᠢᠮᠠᠭ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠤᠯᠠᠮᠵᠢᠯᠠᠨ | ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠡ᠊ᠩᠨᠡᠭᠡ ᠶᠢ ᠪᠠᠶᠢᠭᠤᠯᠬᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠢ ᠴᠢᠩᠭᠠᠳᠬᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠠᠯᠠᠱᠠ ᠶᠢᠨ ᠬᠢᠯᠢ ᠳᠣᠲᠣᠷᠠᠬᠢ | ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠢ ᠤᠷᠳᠤ ᠬᠤᠭᠤᠴᠠᠭᠠᠨ ᠤ ᠬᠦᠴᠦᠨ | ᠲᠠᠢ᠂ ᠪᠦᠲᠦᠮᠵᠢᠲᠡᠢ ᠰᠠᠬᠢᠨ ᠬᠠᠮᠠᠭᠠᠯᠠᠭᠰᠠᠭᠠᠷ ᠢᠷᠡᠵᠠᠢ᠃ | ᠰᠣᠶᠣᠯ ᠨᠢ ᠭᠠᠵᠠᠷ ᠣᠷᠣᠨ ᠤ ᠬᠥᠭᠵᠢᠯᠲᠡ ᠶᠢᠨ ᠤᠶᠤᠨ ᠰᠠᠨᠠᠭᠠᠨ ᠤ ᠴᠥᠮ᠎ᠡ ᠪᠣᠯᠤᠭᠰᠠᠨ ᠤ ᠬᠤᠪᠢ | ᠳᠤ᠂ ᠨᠢᠭᠲᠠᠷᠠᠯ ᠤᠨ ᠬᠦᠴᠦᠨ ᠤ ᠴᠢᠬᠤᠯᠠ ᠡᠬᠢ ᠪᠤᠯᠠᠭ ᠪᠤᠯᠬᠤ ᠪᠠᠷ ᠪᠠᠷᠠᠬᠤ ᠦᠭᠡᠢ᠂ ᠨᠡᠩ ᠴᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠬᠤ ᠶᠤᠮ᠃ | ᠮᠠᠨ ᠤ ᠠᠶᠢᠮᠠᠭ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠠᠯᠠᠱᠠ ᠳᠠᠬᠢ ᠤᠮᠠᠷᠠᠲᠤ ᠬᠢᠯᠢ ᠶᠢᠨ ᠰᠣᠶᠣᠯ ᠤᠨ ᠬᠥᠭᠵᠢᠯᠲᠡ ᠶᠢᠨ ᠠᠮᠢᠨ ᠰᠤᠳᠠᠰᠤ ᠶᠢ | ᠰᠢᠰᠲ᠋ᠧᠮ ᠲᠠᠢ ᠰᠤᠳᠤᠯᠤᠨ᠂ ᠡᠯᠪᠡᠭ ᠪᠠᠶᠠᠯᠢᠭ ᠲᠡᠦᠬᠡ ᠰᠣᠶᠣᠯ ᠪᠣᠯᠣᠨ ᠬᠤᠪᠢᠰᠬᠠᠯ ᠤᠨ ᠡᠬᠢ ᠪᠠᠶᠠᠯᠢᠭ ᠢ | ᠭᠦᠨᠵᠡᠭᠡᠢ ᠠᠭᠤᠳᠠᠯᠵᠤ᠂ ᠰᠣᠳᠣᠨ ᠤᠷᠠᠯᠢᠭ ᠤᠨ ᠪᠦᠲᠦᠭᠡᠯ ᠢ ᠳᠠᠰᠤᠷᠠᠯᠳᠠ ᠦᠭᠡᠢ ᠡᠭᠦᠳᠦᠨ᠂ ᠡᠯ᠎ᠡ ᠳᠦᠷᠦᠯ ᠤᠨ | ᠳᠡᠯᠭᠡᠨ ᠦᠵᠡᠭᠦᠯᠭᠡ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠪᠠ ᠰᠣᠶᠣᠯ ᠤᠨ ᠰᠣᠯᠢᠯᠴᠠᠭ᠎ᠠ ᠳᠤ ᠢᠳᠡᠪᠬᠢᠲᠡᠢ | ᠣᠷᠣᠯᠴᠠᠵᠤ᠂ ᠤᠮᠠᠷᠠᠲᠤ ᠬᠢᠯᠢ ᠶᠢᠨ ᠰᠣᠶᠣᠯ ᠢ ᠰᠣᠶᠣᠯ ᠵᠢᠭᠤᠯᠴᠢᠯᠠᠯ ᠪᠠᠶᠠᠷ ᠳᠤᠷᠠᠰᠬᠠᠯ ᠤᠨ ᠠᠵᠢᠯᠯᠠᠭ᠎ᠠ ᠪᠣᠯᠣᠨ | ᠤᠯᠠᠨ ᠲᠦᠮᠡᠨ ᠤ ᠰᠣᠶᠣᠯ ᠤᠨ ᠠᠵᠢᠯᠯᠠᠭ᠎ᠠ ᠲᠠᠢ ᠪᠦᠲᠦᠮᠵᠢᠲᠡᠢ ᠤᠶᠠᠯᠳᠤᠭᠤᠯᠤᠨ᠂ ᠤᠮᠠᠷᠠᠲᠤ ᠬᠢᠯᠢ ᠶᠢᠨ | ᠰᠣᠶᠣᠯ ᠢ ᠬᠥᠮᠥᠰ ᠤᠨ ᠰᠡᠳᠬᠢᠯ ᠳᠤ ᠪᠠᠲᠤ ᠬᠠᠳᠠᠩᠰᠢᠭᠤᠯᠤᠭᠰᠠᠨ ᠪᠠᠶᠢᠨ᠎ᠠ᠃ |