1 ᠰᠠᠷ᠎ᠠ ᠳᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ  ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2025/5/21
                                        ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ 2ᠰᠠᠷ᠎ᠠ ᠶᠢᠨ 17 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2025 ᠣᠨ ᠤ 1 ᠰᠠᠷ᠎ᠠ ᠳᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠨᠢ ᠲᠣᠰ ᠲᠣᠰ 101.5 ᠲᠦᠮᠡ ᠪᠠ 94.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 29% ᠪᠠ 29.4% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠢᠨ᠎ᠡ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠨᠢ ᠮᠠᠰᠢᠨ ᠲᠡᠷᠭᠡᠨ ᠤ ᠶᠡᠷᠦᠩᠬᠡᠢ ᠪᠣᠷᠤᠯᠠᠭᠤᠯᠭ᠎ᠠ ᠶᠢᠨ 38.9% ᠳᠤ ᠬᠦᠷᠴᠡᠢ᠃          ᠳᠤᠮᠳᠠᠳᠤ ᠤᠯᠤᠰ ᠤᠨ ᠮᠠᠰᠢᠨ ᠲᠡᠷᠭᠡᠨ ᠤ ᠨᠡᠶᠢᠭᠡᠮᠯᠢᠭ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ  ᠢᠶᠠᠷ᠂ 1ᠰᠠᠷ᠎ᠠ ᠳᠤ᠂ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠲᠣᠰ ᠲᠣᠰ 245 ᠲᠦᠮᠡ ᠪᠠ 242.3 ᠲᠦᠮᠡ ᠳᠤ ᠬᠦᠷᠴᠦ᠂ ᠦᠢᠯᠡᠳᠪᠦᠷᠢᠯᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ 1.7% ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠪᠠᠨ 0.6% ᠪᠠᠷ ᠪᠠᠭᠤᠷᠠᠪᠠ;ᠮᠠᠨ ᠤ ᠤᠯᠤᠰ ᠤᠨ ᠭᠠᠳᠠᠭᠠᠳᠤ ᠳᠤ ᠭᠠᠷᠭᠠᠭᠰᠠᠨ ᠮᠠᠰᠢᠨ ᠲᠡᠷᠭᠡ 47 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠳᠤᠮᠳᠠᠳᠤ ᠤᠯᠤᠰ ᠤᠨ ᠮᠠᠰᠢᠨ ᠲᠡᠷᠭᠡᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠴᠧᠨ ᠱᠢ ᠬᠤᠸᠠ᠄ ︽ᠮᠠᠨ ᠤ ᠤᠯᠤᠰ ᠤᠨ ᠮᠠᠰᠢᠨ ᠲᠡᠷᠭᠡᠨ ᠤ ᠠᠵᠢᠯ ᠲᠥᠷᠥᠯ ᠲᠣᠭᠲᠠᠭᠤᠨ ᠡᠭᠢᠯᠡᠯᠲᠡ ᠶᠢ ᠪᠡᠶᠡᠯᠡᠭᠦᠯᠪᠡ᠃ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠰᠢᠷᠢᠰ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠶᠢ ᠳᠠᠭᠠᠯᠳᠤᠨ᠂ ᠮᠠᠰᠢᠨ ᠲᠡᠷᠭᠡᠨ ᠤ ᠠᠵᠢᠯ ᠲᠥᠷᠥᠯ ᠲᠣᠭᠲᠠᠭᠤᠨ ᠢᠶᠠᠷ ᠬᠥᠭᠵᠢᠬᠦ ᠪᠣᠯᠣᠨ᠎ᠠ︾ ᠭᠡᠪᠡ᠃
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号