| | ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ ᠰᠤᠷᠪᠤᠯᠵᠢᠯᠠᠬᠴᠢ 2 ᠰᠠᠷ᠎ᠠ ᠶᠢᠨ 18 | ᠤ ᠡᠳᠦᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ | ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠰᠢᠨ᠎ᠡ | ᠬᠡᠪᠯᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠠᠯᠢ ᠲᠦᠷᠭᠡᠨ ᠢᠶᠠᠷ ᠵᠠᠰᠠᠪᠤᠷᠢ ᠣᠷᠣᠭᠤᠯᠤᠨ ᠨᠡᠶᠢᠲᠡᠯᠡᠵᠦ᠂ | ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠴᠠᠷᠠᠭ᠎ᠠ᠂ ᠤᠯᠤᠰ ᠤᠨ ᠴᠢᠬᠤᠯᠠ ᠶᠡᠭᠡ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠵᠡᠷᠭᠡ ᠶᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠲᠡᠶᠢᠰᠢ ᠲᠥᠪ ᠭᠤᠤᠯᠴᠢ ᠪᠠᠷ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ︽ᠬᠤᠶᠠᠷ ᠴᠢᠬᠤᠯᠠ︾ ᠪᠦᠲᠦᠭᠡᠨ ᠪᠠᠶᠢᠭᠤᠯᠤᠯᠲᠠ ᠪᠠ ︽ᠬᠤᠶᠠᠷ ᠰᠢᠨ᠎ᠡ︾ ᠶᠢᠨ ᠠᠵᠢᠯ | ᠳᠤ ᠢᠳᠡᠪᠬᠢᠲᠡᠢ ᠣᠷᠤᠯᠴᠠᠬᠤ ᠶᠢ ᠳᠡᠮᠵᠢᠬᠦ ᠪᠠᠷ ᠪᠤᠢ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ | ᠰᠠᠭᠤᠷᠢ ᠮᠥᠨ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ | ᠠᠬᠢᠭᠤᠯᠬᠤ ᠴᠢᠬᠤᠯᠠ ᠬᠦᠴᠦᠨ ᠮᠥᠨ᠃ ᠣᠳᠣᠬᠠᠨ ᠳᠤ᠂ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠶᠡᠷᠦᠩᠬᠡᠢ ᠲᠣᠭᠠᠨ ᠤ 92% ᠠᠴᠠ | ᠳᠡᠭᠡᠭᠰᠢᠬᠢ ᠶᠢ ᠡᠵᠡᠯᠡᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠯᠡᠬᠦ ᠬᠠᠷᠢᠴᠠᠯ 92% ᠠᠴᠠ ᠳᠡᠭᠡᠭᠰᠢ ᠳᠤ ᠬᠦᠷᠴᠦ ᠪᠤᠢ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠵᠧᠩ ᠪᠧᠢ᠄ | ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢᠨ ᠲᠥᠰᠥᠯ ᠢ ᠨᠢᠭᠡᠨᠲᠡ ᠬᠢᠨᠠᠨ | ᠵᠥᠪᠯᠡᠭᠦᠯᠬᠦ ᠪᠠᠷ ᠳᠡᠪᠰᠢᠭᠦᠯᠪᠡ᠂ ᠪᠢᠳᠡ ᠨᠡᠶᠢᠲᠡᠯᠡᠨ ᠬᠡᠷᠡᠭᠵᠢᠭᠦᠯᠬᠦ ᠬᠤᠯᠪᠣᠭᠳᠠᠯ ᠪᠦᠬᠦᠢ ᠪᠡᠯᠡᠳᠬᠡᠯ ᠢ ᠱᠠᠯᠠᠪᠳᠠᠨ | ᠰᠠᠶᠢᠲᠤᠷ ᠬᠢᠨ᠎ᠡ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ | ᠲᠦᠷᠭᠡᠳᠬᠡᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠲᠤᠰᠬᠠᠢ | ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠬᠠᠤᠯᠢ ᠬᠡᠷᠡᠭᠵᠢᠭᠦᠯᠬᠦ | ᠪᠠ ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠨ᠎ᠡ︾ ᠭᠡᠪᠡ᠃ | ᠵᠧᠩ ᠪᠧᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ | ᠠᠯᠬᠤᠮ ᠪᠦᠷᠢᠨᠰᠢᠭᠦᠯᠦᠨ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠵᠣᠭᠤᠰ ᠥᠷᠢᠲᠦᠬᠦ ᠠᠰᠠᠭᠤᠳᠠᠯ ᠢ ᠰᠢᠢᠳᠪᠦᠷᠢᠯᠡᠨ᠎ᠡ ᠭᠡᠵᠦ ᠢᠯᠡᠳᠬᠡᠪᠡ᠃ | ᠵᠧᠩ ᠪᠧᠢ᠄ ︽ᠪᠢᠳᠡ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠮᠤᠨ ᠤ ᠬᠤᠭᠤᠷᠣᠨᠳᠣᠭᠢ ᠬᠠᠮᠲᠤᠷᠠᠭᠰᠠᠨ | ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤᠵᠢᠭᠰᠠᠨ ᠣᠯᠣᠯᠴᠠᠨ ᠰᠣᠯᠢᠯᠴᠠᠬᠤ | ᠲᠣᠭᠲᠠᠴᠠ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠲᠤᠰᠬᠠᠭᠰᠠᠨ ᠬᠦᠴᠢᠷ ᠠᠰᠠᠭᠤᠳᠠᠯ ᠳᠤ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨᠡᠨ ᠬᠦ ᠬᠠᠪᠰᠤᠷᠴᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ︾ ᠭᠡᠪᠡ᠃ |