ᠠᠶᠢᠮᠠᠭ ᠤᠨ ᠵᠠᠬᠢᠷᠭ᠎ᠠ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ ᠤᠨ ᠲᠥᠯᠥᠭᠡᠯᠡᠭᠴᠢᠳ ᠤᠨ ᠪᠦᠯᠭᠦᠮ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/21
                               ᠪᠠᠢ ᠬᠠᠢ ᠯᠢᠨ ᠬᠤᠷᠠᠯ ᠳᠤ ᠣᠷᠣᠯᠴᠠᠵᠠᠢ                       ᠸᠠᠩ ᠰᠢᠶᠣᠣ ᠢᠦᠢ︶ 2 ᠰᠠᠷ᠎ᠠ ᠶᠢᠨ 20 ᠤ ᠡᠳᠦᠷ᠂ ᠠᠶᠢᠮᠠᠭ ᠤᠨ ᠵᠠᠬᠢᠷᠭ᠎ᠠ ᠪᠣᠯᠣᠨ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ ᠤᠨ ᠲᠥᠯᠥᠭᠡᠯᠡᠭᠴᠢᠳ ᠤᠨ ᠪᠦᠯᠭᠦᠮ ᠶᠠᠷᠢᠯᠴᠠᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ᠂ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ ᠤᠨ ᠳᠠᠷᠤᠭ᠎ᠠ ᠳ᠋ᠤ᠋ · ᠮᠥᠩᠬᠡᠰᠠᠶᠢᠬᠠᠨ ᠬᠤᠷᠠᠯ ᠳᠤ ᠣᠷᠣᠯᠴᠠᠪᠠ᠃          ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠶᠢᠨ ᠲᠥᠯᠥᠭᠡᠯᠡᠭᠴᠢᠳ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠬᠤ ᠵᠡᠷᠭᠡ ᠤᠴᠢᠷ ᠶᠠᠪᠤᠳᠠᠯ ᠤᠨ ᠲᠣᠭᠤᠷᠢᠨ ᠳᠤ ᠭᠦᠨᠵᠡᠭᠡᠢ ᠵᠥᠪᠳᠡᠯᠴᠡᠭᠡ ᠬᠡᠯᠡᠯᠴᠡᠭᠡ ᠬᠢᠵᠦ᠂ ᠠᠯᠢ ᠣᠯᠠᠨ ᠬᠠᠮᠲᠤ ᠶᠢᠨ ᠲᠠᠨᠢᠯᠲᠠ ᠲᠠᠢ ᠪᠣᠯᠪᠠ᠃ ᠪᠠᠢ ᠬᠠᠢ ᠯᠢᠨ ᠳ᠋ᠤ᠋ · ᠮᠥᠩᠬᠡᠰᠠᠶᠢᠬᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠯᠠᠱᠠ ᠠᠶᠢᠮᠠᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠶᠢᠷ᠎ᠠ ᠶᠢᠨ ᠵᠢᠯ ᠠᠴᠠ᠂ ᠠᠯᠠᠱᠠ ᠠᠶᠢᠮᠠᠭ ᠪᠣᠯᠣᠨ ᠪᠠᠶᠠᠨᠬᠤᠩᠭᠤᠷ ᠠᠶᠢᠮᠠᠭ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠨᠥᠭᠦᠷᠰᠡᠭ ᠬᠤᠳᠠ ᠪᠣᠯᠣᠯᠴᠠᠨ᠂ ᠪᠣᠭᠤᠮᠲᠠ ᠶᠢᠨ ᠠᠷᠠᠯᠵᠢᠶ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠰᠢ ᠤᠯᠠᠨ ᠦᠷ᠎ᠡ ᠪᠦᠲᠦᠭᠡᠯ ᠣᠯᠪᠠ᠃ ᠠᠯᠠᠱᠠ ᠠᠶᠢᠮᠠᠭ ᠪᠠᠶᠠᠨᠬᠤᠩᠭᠤᠷ ᠠᠶᠢᠮᠠᠭ ᠲᠠᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠴᠠᠷᠠᠭᠠᠨ ᠤ ᠨᠥᠭᠦᠷᠰᠡᠭ ᠬᠠᠮᠲᠤᠷᠠᠯᠴᠠᠭ᠎ᠠ ᠶᠢ  ᠠᠬᠢᠭᠤᠯᠤᠨ᠂ ᠥᠨᠳᠥᠷ ᠲᠦᠪᠰᠢᠨ ᠪᠦᠬᠦᠢ  ᠬᠠᠮᠲᠤ ᠪᠠᠷ ᠠᠰᠢᠭ ᠭᠦᠷᠳᠡᠭᠦ ᠶᠢ ᠴᠢᠷᠮᠠᠶᠢᠨ ᠪᠡᠶᠡᠯᠡᠭᠦᠯᠦᠨ᠎ᠡ ᠭᠡᠪᠡ᠃          ᠳ᠋ᠣ · ᠮᠥᠩᠬᠡᠰᠠᠶᠢᠬᠠᠨ᠂ ᠪᠠᠶᠠᠨᠬᠤᠩᠭᠤᠷ ᠠᠶᠢᠮᠠᠭ ᠪᠣᠯᠣᠨ ᠠᠯᠠᠱᠠ ᠠᠶᠢᠮᠠᠭ ᠭᠠᠵᠠᠷ ᠨᠤᠲᠤᠭ ᠢᠶᠠᠷ ᠢᠶᠠᠨ ᠬᠥᠷᠰᠢᠯᠡᠵᠦ᠂ ᠭᠦᠨ ᠵᠤᠵᠠᠭᠠᠨ ᠨᠥᠬᠦᠷᠯᠡᠯ ᠲᠠᠢ ᠶᠤᠮ᠂ ᠡᠨᠡ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠬᠢᠯᠢ ᠠᠯᠤᠰᠯᠠᠭᠰᠠᠨ ᠵᠢᠭᠤᠯᠴᠢᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠪᠣᠭᠤᠮᠲᠠ ᠶᠢᠨ ᠠᠷᠠᠯᠵᠢᠶ᠎ᠠ ᠵᠡᠷᠭᠡ ᠬᠦᠷᠢᠶ᠎ᠡ ᠴᠠᠷᠠᠭᠠᠨ ᠤ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃          ᠠᠶᠢᠮᠠᠭ ᠤᠨ ᠳᠡᠳ᠋ ᠳᠠᠷᠤᠭ᠎ᠠ ᠮᠠ ᠵᠣᠣ ᠹᠧᠩ ᠬᠤᠷᠠᠯ ᠳᠤ ᠣᠷᠣᠯᠴᠠᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号