| | ᠰᠡᠴᠡᠨᠪᠠᠲᠤ | ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠣᠶᠢᠵᠢᠭᠤᠯᠤᠯᠲᠠ ᠳᠤ ᠬᠡᠷᠡᠭᠰᠡᠬᠦ ᠴᠢᠬᠢ ᠮᠣᠳᠣᠨ ᠤ | ᠬᠠᠩᠭᠠᠯᠭ᠎ᠠ ᠬᠢᠭᠡᠳ ᠴᠢᠨᠠᠷ ᠢ ᠦᠨᠡᠨ ᠬᠦ ᠪᠠᠲᠤᠯᠠᠬᠤ᠂ ᠴᠢᠬᠢ ᠮᠣᠳᠣ ᠪᠣᠶᠢᠵᠢᠭᠤᠯᠬᠤ ᠰᠠᠭᠤᠷᠢᠨ ᠭᠠᠵᠠᠷ ᠤᠨ ᠠᠮᠤᠷ | ᠲᠦᠪᠰᠢᠨ ᠢ ᠴᠢᠩᠭᠠᠳᠬᠠᠨ᠂ ᠴᠢᠬᠢ ᠮᠣᠳᠣᠨ ᠤ ᠬᠥᠨᠥᠭᠡᠯᠳᠦ ᠬᠤᠷᠣᠬᠠᠢ ᠰᠢᠪᠠᠵᠢ ᠶᠢᠨ ᠲᠠᠷᠬᠠᠯᠲᠠ ᠶᠢ | ᠪᠦᠳᠦᠮᠵᠢᠳᠡᠢ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠠᠯᠠᠱᠠ ᠠᠶᠢᠮᠠᠭ ᠤᠨ ᠣᠶ ᠰᠢᠭᠤᠢ ᠨᠤᠲᠤᠭ | ᠪᠡᠯᠴᠢᠭᠡᠷ ᠤᠨ ᠬᠥᠨᠥᠭᠡᠯᠳᠦ ᠪᠣᠳᠠᠰ ᠢ ᠰᠡᠷᠭᠡᠶᠢᠯᠡᠨ ᠵᠠᠰᠠᠵᠤ ᠬᠢᠵᠢᠭ ᠢ ᠪᠠᠶᠢᠴᠠᠭᠠᠬᠤ ᠰᠠᠯᠠᠭ᠎ᠠ ᠮᠥᠴᠢᠷ ᠤᠨ ᠬᠢᠨ | 2025 ᠣᠨ ᠤ ᠬᠠᠪᠤᠷ ᠤᠨ ᠤᠯᠠᠷᠢᠯ ᠤᠨ ᠴᠢᠬᠢ ᠮᠣᠳᠣᠨ ᠤ ᠭᠠᠷᠤᠯᠲᠠ ᠶᠢᠨ ᠣᠷᠣᠨ ᠤ ᠬᠤᠷᠣᠬᠠᠢ ᠰᠢᠪᠠᠵᠢ ᠶᠢ | ᠪᠠᠶᠢᠴᠠᠭᠠᠬᠤ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ | 2025 ᠣᠨ ᠤ 3 ᠰᠠᠷ᠎ᠠ ᠠᠴᠠ 11 ᠰᠠᠷ᠎ᠠ ᠶᠢᠨ ᠬᠤᠭᠤᠷᠣᠨᠳᠤ ᠪᠣᠶᠢᠵᠢᠭᠤᠯᠤᠨ ᠭᠠᠷᠭᠠᠬᠤ ᠴᠢᠬᠢ | ᠮᠣᠳᠣ᠂ ᠣᠶᠢᠵᠢᠭᠤᠯᠤᠯᠲᠠ ᠳᠤ ᠬᠡᠷᠡᠭᠰᠡᠬᠦ ᠮᠠᠲ᠋ᠧᠷᠢᠶᠠᠯ ᠵᠢᠴᠢ ᠬᠠᠮᠢᠶ᠎ᠠ ᠪᠦᠬᠦᠢ ᠤᠷᠭᠤᠮᠠᠯ ᠤᠨ ᠪᠣᠳᠠᠰ ᠲᠤ | ᠴᠢᠭᠯᠡᠭᠦᠯᠦᠨ᠂ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠬᠥᠨᠥᠭᠡᠯᠳᠦ ᠪᠣᠳᠠᠰ ᠢ ᠰᠡᠷᠭᠡᠶᠢᠯᠡᠨ ᠵᠠᠰᠠᠵᠤ | ᠬᠢᠵᠢᠭ ᠢ ᠪᠠᠶᠢᠴᠠᠭᠠᠬᠤ ᠰᠠᠯᠠᠭ᠎ᠠ ᠮᠥᠴᠢᠷ ᠠᠴᠠ ᠡᠯ᠎ᠡ ᠴᠢᠬᠢ ᠮᠣᠳᠣ ᠪᠣᠶᠢᠵᠢᠭᠤᠯᠬᠤ ᠪᠠᠶᠢᠭᠤᠯᠭ᠎ᠠ ᠨᠢᠭᠡᠴᠢ ᠪᠠ | ᠬᠤᠪᠢ ᠬᠥᠮᠥᠨ ᠤ ᠡᠷᠭᠢᠯᠡᠨ ᠡᠵᠡᠩᠨᠡᠵᠦ ᠪᠠᠶᠢᠭ᠎ᠠ ᠴᠢᠬᠢ ᠮᠣᠳᠣ ᠪᠣᠶᠢᠵᠢᠭᠤᠯᠬᠤ ᠠᠵᠢᠯ ᠳᠤ ᠪᠦᠭᠦ ᠲᠠᠯ᠎ᠠ ᠶᠢᠨ | ᠪᠠᠶᠢᠴᠠᠭᠠᠯᠲᠠ ᠬᠢᠵᠦ᠂ ᠡᠷᠬᠡᠪᠰᠢ ᠤᠯᠤᠰ ᠤᠨ ᠴᠢᠬᠢ ᠮᠣᠳᠣ ᠪᠣᠶᠢᠵᠢᠭᠤᠯᠬᠤ ᠶᠢ ᠵᠥᠪᠰᠢᠶᠡᠷᠡᠭᠰᠡᠨ ᠦᠨᠡᠮᠯᠡᠯ ᠵᠡᠷᠭᠡ | ᠭᠠᠷ ᠭᠦᠢᠴᠡᠳᠬᠡᠯ ᠢ ᠪᠦᠷᠢᠨ ᠪᠤᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ | ᠤᠷᠢᠳᠴᠢᠯᠠᠨ ᠳᠠᠩᠰᠠᠯᠠᠭᠤᠯᠬᠤ ᠶᠢ ᠱᠠᠭᠠᠷᠳᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠡᠯ᠎ᠡ ᠬᠤᠰᠢᠭᠤ ᠣᠷᠣᠨ ᠤ | ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠴᠢᠬᠢ ᠮᠣᠳᠣ ᠪᠣᠶᠢᠵᠢᠭᠤᠯᠬᠤ ᠪᠠᠶᠢᠭᠤᠯᠭ᠎ᠠ | ᠨᠢᠭᠡᠴᠢ ᠪᠣᠯᠣᠨ ᠬᠤᠪᠢ ᠬᠥᠮᠥᠨ ᠤ ᠲᠤᠰᠢᠶᠠᠭᠰᠠᠨ ᠭᠤᠶᠤᠴᠢᠯᠠᠯᠲᠠ ᠶᠢᠨ ᠪᠢᠴᠢᠭ ᠢ ᠦᠨᠳᠦᠰᠦᠯᠡᠨ᠂ ᠲᠣᠭᠲᠠᠭᠰᠠᠨ | ᠬᠤᠭᠤᠴᠠᠭᠠᠨ ᠳᠣᠲᠣᠷ᠎ᠠ ︽ᠤᠢ ᠰᠢᠭᠤᠢ ᠶᠢᠨ ᠤᠷᠭᠤᠮᠠᠯ ᠤᠨ ᠭᠠᠷᠤᠯᠲᠠ ᠶᠢᠨ ᠭᠠᠵᠠᠷ ᠣᠷᠣᠨ ᠤ ᠬᠢᠵᠢᠭ ᠢ | ᠪᠠᠶᠢᠴᠠᠭᠠᠬᠤ ᠮᠡᠷᠭᠡᠵᠢᠯ ᠤᠨ ᠳᠦᠷᠢᠮ︾ ᠢᠶᠠᠷ ᠴᠢᠬᠢ ᠮᠣᠳᠣᠨ ᠤ ᠭᠠᠷᠤᠯᠲᠠ ᠶᠢᠨ ᠭᠠᠵᠠᠷ ᠣᠷᠣᠨ ᠤ ᠬᠥᠨᠥᠭᠡᠯᠳᠦ | ᠪᠣᠳᠠᠰ ᠢ ᠴᠢᠩᠭ᠎ᠠ ᠪᠠᠶᠢᠴᠠᠭᠠᠵᠤ᠂ ᠴᠢᠬᠢ ᠮᠣᠳᠣ ᠪᠣᠶᠢᠵᠢᠭᠤᠯᠬᠤ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠤ | ᠬᠢᠵᠢᠭ ᠢ ᠰᠡᠷᠭᠡᠶᠢᠯᠡᠬᠦ ᠤᠬᠠᠮᠰᠠᠷ ᠬᠢᠭᠡᠳ ᠬᠠᠤᠯᠢ ᠶᠣᠰᠣᠭᠠᠷ ᠡᠵᠡᠩᠨᠡᠯᠲᠡ ᠬᠢᠬᠦ ᠲᠠᠨᠢᠯᠲᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠬᠤᠷᠣᠬᠠᠢ ᠰᠢᠪᠠᠵᠢ ᠵᠡᠷᠭᠡ ᠬᠥᠨᠥᠭᠡᠯᠳᠦ ᠪᠣᠳᠠᠰ ᠲᠠᠢ ᠴᠢᠬᠢ ᠮᠣᠳᠣ ᠶᠢ ᠭᠠᠳᠠᠭᠰᠢ | ᠪᠣᠷᠣᠯᠠᠭᠤᠯᠬᠤ ᠪᠠ ᠣᠶᠢᠵᠢᠭᠤᠯᠤᠯᠲᠠ ᠳᠤ ᠬᠡᠷᠡᠭᠯᠡᠬᠦ ᠶᠢ ᠪᠦᠳᠦᠮᠵᠢᠳᠡᠢ ᠬᠤᠷᠢᠭᠯᠠᠵᠤ ᠪᠠᠶᠢᠨ᠎ᠠ᠃ | |