ᠲᠦᠷᠭᠡᠨ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠡᠷᠭᠡ ᠬᠥᠮᠥᠰ ᠤᠨ ᠠᠮᠠᠷᠠᠬᠤ ᠳᠤ ᠳᠤᠯᠠᠭᠠᠨ ᠦᠷᠳᠡᠭᠡ 
ᠨᠡᠶᠢᠲᠡᠯᠡᠭᠰᠡᠨ ᠴᠠᠭ᠄
2025/5/21
      ᠠᠯᠠᠱᠠ ᠵᠡᠭᠦᠨ ᠬᠤᠰᠢᠭᠤ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠦᠷᠳᠡᠭᠡ ᠶᠢ ᠪᠦᠭᠦ ᠬᠦᠴᠦᠨ ᠢᠶᠠᠷ ᠥᠭᠡᠷᠡᠴᠢᠯᠡᠨ ᠲᠠᠰ ᠳᠡᠪᠰᠢᠭᠦᠯᠵᠦ᠂ ᠲᠦᠷᠭᠡᠨ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠡᠷᠭᠡ ᠬᠥᠮᠥᠰ ᠤᠨ ᠠᠮᠠᠷᠠᠬᠤ ᠳᠤ ᠳᠤᠯᠠᠭᠠᠨ ᠦᠷᠳᠡᠭᠡ ᠶᠢ ᠬᠠᠩᠭᠠᠵᠠᠢ᠃ ᠲᠣᠰ ᠤᠳᠠᠭᠠᠨ ᠤ ᠥᠭᠡᠷᠡᠴᠢᠯᠡᠨ ᠲᠠᠰ ᠳᠡᠪᠰᠢᠭᠦᠯᠦᠭᠰᠡᠨ 4ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠦᠷᠳᠡᠭᠡ ᠨᠢ ᠲᠣᠰ ᠲᠣᠰ ᠰᠢᠨ᠎ᠡ ᠡᠷᠡᠨ ᠠᠭᠤᠳᠠᠮ ᠲᠠᠯᠠᠪᠠᠶ ᠶᠢᠨ ᠪᠠᠷᠠᠭᠤᠨ ᠬᠤᠶᠢᠲᠤ᠂ᠳ᠋ᠦᠩ ᠴᠧᠩ ᠣᠯᠠᠨ ᠤᠯᠤᠰ ᠤᠨ ᠬᠤᠷᠢᠶᠠᠯᠠᠯ ᠤᠨ ᠪᠠᠷᠠᠭᠤᠨ ᠡᠮᠦᠨ᠎ᠡ ᠥᠨᠴᠥᠭ ᠂ ᠪᠠᠶᠠᠨᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠷᠠᠭᠤᠨ ᠲᠠᠯ᠎ᠠ᠂ ᠰᠢᠦᠢ ᠴᠧᠨ ᠬᠠᠢ ᠠᠨ ᠬᠤᠳᠠᠯᠳᠤᠭᠠᠨ ᠤ ᠲᠠᠯᠠᠪᠠᠶ ᠳᠤ ᠪᠠᠶᠢᠷᠢᠯᠠᠵᠤ ᠪᠤᠢ᠃ ᠠᠯᠠᠱᠠ ᠵᠡᠭᠦᠨ ᠬᠤᠰᠢᠭᠤᠨ ᠤ ᠮᠧᠢ ᠲᠤᠸᠠᠨ ᠵᠠᠬᠢᠶᠠᠯᠠᠭ᠎ᠠ ᠶᠢᠨ ᠲᠤᠭ᠎ᠠ ᠪᠠᠷᠢᠮᠲᠠ ᠶᠢᠨ ᠲᠤᠰᠬᠠᠢ ᠲᠤᠰᠢᠶᠠᠯᠲᠠᠨ ᠵᠠᠩ ᠶᠢᠩ᠂ ᠥᠷᠲᠡᠭᠡᠨ ᠳᠤ ᠪᠦᠭᠦ ᠲᠠᠯ᠎ᠠ ᠶᠢᠨ ᠲᠥᠬᠦᠭᠡᠷᠦᠮᠵᠢ ᠲᠠᠢ ᠂ ᠨᠣᠮ ᠤᠨ ᠥᠷᠥᠭᠡ᠂ ᠦᠰᠦ ᠵᠠᠰᠠᠬᠤ ᠥᠷᠥᠭᠡ ᠪᠠ ᠡᠬᠡ ᠨᠢᠯᠬᠠᠰ ᠤᠨ ᠥᠷᠥᠭᠡ ᠲᠠᠢ᠂ ᠮᠠᠨ ᠤ ᠲᠦᠷᠭᠡᠨ ᠬᠦᠷᠭᠡᠭᠴᠢ ᠡ᠊ᠡᠳᠡ ᠢᠷᠡᠵᠣ ᠠᠮᠠᠷᠠᠵᠤ ᠪᠤᠯᠬᠤ ᠮᠥᠷᠲᠡᠭᠡᠨ ᠬᠤᠭᠤᠯᠠ ᠪᠠᠨ ᠬᠠᠯᠠᠭᠤᠯᠵᠤ ᠢᠳᠡᠬᠦ ᠳᠤ ᠳᠦᠭᠦᠮ ᠢ ᠠᠪᠴᠢᠷᠠᠵᠠᠢ ᠭᠡᠪᠡ᠃          
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号