| | ᠠᠷᠤᠤᠬᠠᠨ ᠵᠤᠨ᠎ᠠ︶ ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ᠮᠣᠷᠢᠨ ᠬᠤᠭᠤᠷᠴᠢᠳ ᠤᠨ | ᠨᠡᠶᠢᠭᠡᠮᠯᠢᠭ ᠤᠨ ᠮᠡᠷᠭᠡᠵᠢᠯ ᠲᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠵᠦ᠂ ᠮᠣᠷᠢᠨ ᠬᠤᠭᠤᠷ ᠤᠨ | ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠡᠢ᠃ | ᠪᠣᠯᠪᠠᠰᠤᠷᠠᠯ ᠤᠨ ᠠᠩᠭᠢ ᠨᠢ ᠪᠠᠶᠠᠯᠢᠭ ᠲᠤᠷᠰᠢᠯᠭ᠎ᠠ ᠲᠠᠢ ᠲᠤᠰᠬᠠᠢ ᠮᠡᠷᠭᠡᠵᠢᠯ ᠤᠨ ᠪᠠᠭᠰᠢ ᠶᠢ ᠤᠷᠢᠨ᠂ | ᠣᠨᠣᠯ ᠤᠨ ᠲᠠᠶᠢᠯᠪᠤᠷᠢᠯᠠᠯᠲᠠ᠂ ᠬᠥᠭᠵᠢᠮᠳᠡᠬᠦ ᠪᠣᠯᠪᠠᠰᠤᠷᠠᠯ ᠢ ᠤᠶᠠᠯᠳᠤᠭᠤᠯᠤᠨ᠂ ᠮᠣᠷᠢᠨ ᠬᠤᠭᠤᠷ ᠤᠨ | ᠬᠥᠭᠵᠢᠮ ᠤᠨ ᠮᠡᠷᠭᠡᠵᠢᠯ᠂ ᠳᠠᠭᠤᠤ ᠬᠥᠭᠵᠢᠮ ᠤᠨ ᠣᠨᠣᠯ᠂ ᠬᠥᠭᠵᠢᠮ ᠤᠨ ᠭᠠᠷᠴᠠᠭ ᠤᠨ ᠵᠠᠳᠠᠯᠤᠯᠲᠠ ᠵᠡᠷᠭᠡ ᠣᠯᠠᠨ | ᠲᠠᠯ᠎ᠠ ᠠᠴᠠ ᠰᠤᠷᠤᠬᠴᠢᠳ ᠲᠤ ᠲᠤᠰᠬᠠᠢ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ ᠪᠠᠶᠢᠨ᠎ᠠ᠃ ᠪᠣᠯᠪᠠᠰᠤᠷᠠᠯ ᠤᠨ | ᠠᠩᠭᠢ ᠳᠤ ᠨᠡᠶᠢᠲᠡ60 ᠭᠠᠷᠤᠢ ᠰᠣᠷᠣᠬᠴᠢ ᠨᠡᠷ᠎ᠡ ᠮᠡᠳᠡᠭᠦᠯᠦᠨ ᠤᠷᠤᠯᠴᠠᠬᠰᠠᠨ ᠪᠠᠶᠢᠨ᠎ᠠ᠃ | ᠠᠯᠠᠱᠠ ᠠᠶᠢᠮᠠᠭ ᠤᠨ ᠮᠣᠷᠢᠨ ᠬᠤᠭᠤᠷᠴᠢᠳ ᠤᠨ ᠨᠡᠶᠢᠭᠡᠮᠯᠢᠭ 2008 ᠣᠨ ᠳᠤ | ᠪᠠᠶᠢᠭᠤᠯᠤᠭᠳᠠᠭᠰᠠᠨ ᠠᠴᠠ ᠤᠳᠣ ᠪᠤᠯᠲᠠᠯ᠎ᠠ ᠳᠦᠷᠪᠡᠨ ᠵᠠᠭᠤᠭᠠᠳ ᠭᠡᠰᠢᠭᠦᠨ ᠲᠠᠢ ᠪᠣᠯᠵᠤ᠂ ᠵᠢᠯ ᠪᠦᠷᠢ | ᠰᠤᠷᠤᠯᠴᠠᠯᠭ᠎ᠠ ᠪᠣᠯᠪᠠᠰᠤᠷᠠᠯ ᠥᠷᠨᠢᠭᠦᠯᠬᠦ᠂ ᠮᠣᠷᠢᠨ ᠬᠤᠭᠤᠷ ᠤᠨ ᠰᠢᠯᠢᠳᠡᠭ ᠪᠦᠲᠦᠭᠡᠯ ᠢ ᠴᠤᠭᠯᠠᠭᠤᠯᠤᠨ ᠡᠮᠬᠢᠳᠬᠡᠬᠦ | ᠂ ᠵᠣᠬᠢᠶᠠᠨ ᠪᠦᠲᠦᠭᠡᠬᠦ ᠵᠡᠷᠭᠡ ᠪᠠᠷ ᠮᠣᠷᠢᠨ ᠬᠤᠭᠤᠷ ᠤᠨ ᠰᠣᠶᠣᠯ ᠢ ᠳᠡᠯᠭᠡᠷᠡᠭᠦᠯᠵᠦ᠂ ᠮᠣᠷᠢᠨ ᠬᠤᠭᠤᠷ ᠤᠨ | ᠤᠯᠠᠮᠵᠢᠯᠠᠯ ᠪᠠ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠦ ᠪᠠᠶᠢᠨ᠎ᠠ᠃ ᠠᠯᠠᠱᠠ ᠶᠢᠨ ᠮᠣᠷᠢᠨ | ᠬᠤᠭᠤᠷᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠣᠨᠣᠯᠳᠤ᠄ ︽ᠨᠡᠶᠢᠭᠡᠮᠯᠢᠭ ᠤᠨ ᠭᠡᠰᠢᠭᠦᠳ ᠤᠨ ᠮᠡᠷᠭᠡᠵᠢᠯ ᠤᠨ | ᠬᠢᠷᠢ ᠲᠦᠪᠰᠢᠨ ᠠᠳᠠᠯᠢ ᠪᠤᠰᠤ ᠪᠣᠯᠬᠤᠷ ᠠᠶ᠎ᠠ ᠵᠢᠭᠠᠬᠤ ᠳᠤ ᠶᠡᠭᠡ ᠴᠠᠭ ᠬᠡᠷᠡᠭᠰᠡᠳᠡᠭ᠂ ᠡᠶᠢᠮᠦ ᠠᠴᠠ ᠦᠨᠳᠦᠰᠦᠨ | ᠪᠣᠯᠪᠠᠰᠤᠷᠠᠯ ᠢᠶᠠᠷ ᠳᠠᠮᠵᠢᠭᠤᠯᠤᠨ ᠬᠤᠭᠤᠷᠤᠨᠳᠣᠭᠢ ᠵᠥᠷᠢᠶ᠎ᠡ ᠶᠢ ᠨᠢ ᠪᠠᠭᠠᠰᠬᠠᠵᠤ ᠪᠠᠶᠢᠨ᠎ᠠ᠃ ᠪᠣᠯᠪᠠᠰᠤᠷᠠᠯ ᠨᠢ ᠪᠠᠰᠠ | ᠨᠡᠩ ᠤᠯᠠᠨ ᠬᠥᠮᠥᠰ ᠤᠨ ᠪᠠᠬ᠎ᠠ ᠶᠢ ᠲᠠᠲᠠᠬᠤ ᠵᠣᠷᠢᠯᠭ᠎ᠠ ᠲᠠᠢ︾ ᠭᠡᠵᠦ ᠶᠠᠷᠢᠯ᠎ᠠ᠃ ᠮᠣᠷᠢᠨ ᠬᠤᠭᠤᠷ ᠤᠨ ᠪᠠᠭᠰᠢ | ᠥᠯᠵᠡᠶᠢᠳᠠᠯᠠᠢ᠂ ᠵᠢᠭᠠᠨ ᠰᠤᠷᠭᠠᠯᠲᠠ ᠶᠢᠨ ᠳᠤᠮᠳᠠ ᠲᠦᠭᠦᠮ ᠨᠣᠲ᠂ ᠥᠭᠡᠷ᠎ᠡ ᠪᠠᠷ ᠬᠡᠯᠡᠪᠡᠯ ᠲᠣᠭᠠᠲᠤ ᠨᠣᠲ᠂ | ᠲᠠᠪᠤᠨ ᠱᠤᠭᠤᠮᠲᠤ ᠨᠣᠲ ᠢ ᠬᠠᠪᠰᠤᠷᠭᠠᠵᠤ ᠵᠢᠭᠠᠵᠤ ᠪᠤᠢ᠂ ᠮᠡᠷᠭᠡᠵᠢᠯ ᠤᠨ ᠲᠠᠯ᠎ᠠ ᠳᠤ ᠭᠤᠣᠯᠳᠠᠭᠤ ᠵᠢᠷᠤᠭ | ᠳᠦᠷᠰᠦ ᠪᠠᠷ ᠨᠠᠷᠢᠨ ᠵᠠᠳᠠᠯᠤᠯᠲᠠ ᠬᠢᠵᠦ ᠮᠣᠷᠢᠨ ᠬᠤᠭᠤᠷ ᠲᠠᠲᠠᠬᠤ ᠮᠡᠷᠭᠡᠵᠢᠯ ᠢ ᠪᠦᠷᠢᠨ ᠲᠣᠳᠣᠷᠬᠠᠢ ᠲᠤᠰᠢᠶᠠᠵᠤ | ᠥᠭᠬᠦ ᠵᠣᠷᠢᠯᠭ᠎ᠠ ᠲᠠᠢ ᠭᠡᠪᠡ᠃ |