1 ᠳ᠋ᠦ᠋ᠭᠡᠷ ᠰᠠᠷ᠎ᠠ ᠳᠤ ᠮᠠᠨ ᠤ ᠠᠶᠢᠮᠠᠭ 1.99 ᠳ᠋ᠦᠩᠰᠢᠭᠤᠷ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢ ᠲᠠᠷᠬᠠᠭᠠᠵᠠᠢ
ᠨᠡᠶᠢᠲᠡᠯᠡᠭᠰᠡᠨ ᠴᠠᠭ᠄
2025/5/21
                                                              ᠳᠠᠪᠰᠢᠯᠲᠤ︶ 1 ᠳ᠋ᠦ᠋ᠭᠡᠷ ᠰᠠᠷ᠎ᠠ ᠳᠤ᠂ ᠮᠠᠨ ᠤ ᠠᠶᠢᠮᠠᠭ ︽ᠪᠦᠷᠢᠨ ᠴᠢᠳᠠᠮᠵᠢᠲᠤ ᠺᠠᠷᠲ︾ ᠢᠶᠠᠷ 19971.8 ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢ ᠲᠠᠷᠬᠠᠭᠠᠵᠤ᠂ ᠨᠡᠶᠢᠲᠡ 47089 ᠬᠥᠮᠥᠨ ︵ᠤᠳᠠᠭ᠎ᠠ︶ ᠳᠤ ᠠᠰᠢᠭ ᠬᠦᠷᠲᠡᠭᠡᠵᠡᠢ᠃ ᠡᠭᠦᠨ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠥᠬᠦᠪᠦᠷᠢ 19962.58 ᠲᠦᠮᠡᠨ ᠲᠥᠭᠦᠷᠢᠭ ᠲᠤ ᠬᠦᠷᠴᠦ᠂ 46901 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠨᠢ ᠪᠦᠭᠦ ᠲᠣᠭᠠᠨ ᠤ 99.95% ᠶᠢ ᠡᠵᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠤ ᠨᠥᠬᠦᠪᠦᠷᠢ 99.22 ᠲᠦᠮᠡᠨ ᠲᠥᠭᠦᠷᠢᠭ ᠲᠤ ᠬᠦᠷᠴᠦ᠂ 188 ᠬᠥᠮᠥᠨ ︵ᠤᠳᠠᠭ᠎ᠠ︶ ᠳᠤ ᠠᠰᠢᠭ ᠬᠦᠷᠲᠡᠭᠡᠭᠰᠡᠨ ᠪᠠᠶᠢᠨ᠎ᠠ᠃          ᠨᠥᠬᠦᠪᠦᠷᠢ ᠣᠯᠭᠤᠬᠤ ᠡᠲᠡᠭᠡᠳ ᠤᠨ ᠲᠠᠯ᠎ᠠ ᠪᠠᠷ᠂ ᠠᠷᠠᠳ ᠲᠤ ᠠᠰᠢᠭ ᠬᠦᠷᠲᠡᠭᠡᠬᠦ᠂ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠳ ᠲᠤ 19572.47 ᠲᠦᠮᠡᠨ ᠲᠥᠭᠦᠷᠢᠭ ᠲᠠᠷᠬᠠᠭᠠᠵᠤ᠂ 44168 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠪᠦᠭᠦ ᠲᠣᠭᠠᠨ ᠤ 98% ᠶᠢ ᠡᠵᠡᠯᠡᠪᠡ;ᠬᠤᠲᠠ ᠪᠠᠯᠭᠠᠰᠤᠨ ᠤ ᠨᠥᠬᠦᠪᠦᠷᠢ ᠶᠢ 399.33 ᠲᠦᠮᠡᠨ ᠲᠥᠭᠦᠷᠢᠭ ᠲᠠᠷᠬᠠᠭᠠᠵᠤ᠂ 2921 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 2% ᠢ ᠡᠵᠡᠯᠡᠵᠡᠢ᠃          ᠨᠥᠬᠦᠪᠦᠷᠢ ᠶᠢᠨ ᠪᠡᠯᠡ ᠮᠥᠩᠭᠦ ᠣᠯᠭᠤᠬᠤ ᠬᠦᠷᠢᠶ᠎ᠡ ᠬᠡᠪᠴᠢᠶᠡᠨ ᠤ ᠲᠠᠯ᠎ᠠ ᠪᠠᠷ᠂ ᠮᠠᠨ ᠤ ᠠᠶᠢᠮᠠᠭ ᠲᠠᠷᠢᠶᠠᠯᠠᠩ᠂ ᠮᠠᠯ ᠠᠵᠤ ᠠᠬᠤᠢ᠂ ᠣᠶ ᠰᠢᠭᠤᠢ᠂ ᠲᠥᠯᠥᠪᠯᠡᠭᠡᠲᠦ ᠬᠥᠩᠭᠡᠵᠢᠯ ᠤᠨ ᠨᠥᠬᠦᠪᠦᠷᠢ᠂ ᠨᠡᠶᠢᠭᠡᠮ ᠤᠨ ᠪᠠᠲᠤᠯᠠᠭ᠎ᠠ᠂ ᠴᠠᠯᠢᠩ ᠤᠨ ᠨᠥᠬᠦᠪᠦᠷᠢ ᠵᠡᠷᠭᠡ 6 ᠲᠥᠷᠥᠯ ᠢ ᠬᠠᠮᠤᠷᠴᠠᠢ᠂ ᠡᠭᠦᠨ ᠳᠤ 9.22 ᠲᠦᠮᠡᠨ ᠲᠥᠭᠦᠷᠢᠭ ᠤᠨ ᠲᠠᠷᠢᠶᠠᠯᠠᠩ ᠤᠨ ᠲᠥᠷᠥᠯ ᠤᠨ ᠨᠥᠬᠦᠪᠦᠷᠢ ᠶᠢ ᠣᠯᠭᠤᠵᠤ᠂ 188 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 0.05% ᠶᠢ ᠡᠵᠡᠯᠡᠪᠡ;ᠮᠠᠯ ᠠᠵᠤ ᠠᠬᠤᠢ ᠶᠢᠨ ᠲᠥᠷᠥᠯ ᠤᠨ ᠨᠥᠬᠦᠪᠦᠷᠢ ᠶᠢ 318.95 ᠲᠦᠮᠡᠨ ᠲᠥᠭᠦᠷᠢᠭ  ᠣᠯᠭᠤᠵᠤ᠂ 320 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 1.6% ᠶᠢ ᠡᠵᠡᠯᠡᠪᠡ;ᠣᠶ ᠰᠢᠭᠤᠢ ᠶᠢᠨ ᠦᠢᠯᠡᠰ ᠤᠨ ᠨᠥᠬᠦᠪᠦᠷᠢ ᠶᠢ 17846.42 ᠲᠦᠮᠡᠨ ᠲᠥᠭᠦᠷᠢᠭ ᠣᠯᠭᠤᠵᠤ᠂ 19822 ᠬᠥᠮᠥᠨ ︵ᠤᠳᠠᠭ᠎ᠠ︶  ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 89.36% ᠶᠢ ᠡᠵᠡᠯᠡᠪᠡ;ᠲᠥᠯᠥᠪᠯᠡᠭᠡᠲᠦ ᠬᠥᠩᠭᠡᠵᠢᠯ ᠤᠨ ᠨᠥᠬᠦᠪᠦᠷᠢ ᠶᠢ 2.81 ᠲᠦᠮᠡᠨ ᠲᠥᠭᠦᠷᠢᠭ ᠣᠯᠭᠤᠵᠤ᠂ 7 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 0.01% ᠶᠢ ᠡᠵᠡᠯᠡᠪᠡ;ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠶᠢ 1365.71 ᠲᠦᠮᠡᠨ ᠲᠥᠭᠦᠷᠢᠭ ᠣᠯᠭᠤᠵᠤ᠂ 25636 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠪᠦᠭᠦ ᠲᠣᠭᠠᠨ ᠤ 6.84% ᠶᠢ ᠡᠵᠡᠯᠡᠪᠡ;ᠴᠠᠯᠢᠩ ᠤᠨ ᠨᠥᠬᠦᠪᠦᠷᠢ ᠶᠢ 428.69 ᠲᠦᠮᠡᠨ ᠲᠥᠭᠦᠷᠢᠭ ᠣᠯᠭᠤᠵᠤ᠂ 1116 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 2.15% ᠶᠢ ᠡᠵᠡᠯᠡᠪᠡ᠃          ᠬᠤᠰᠢᠭᠤ ᠣᠷᠣᠨ ᠤ ᠲᠠᠷᠬᠠᠭᠠᠯᠲᠠ ᠶᠢᠨ ᠲᠠᠯ᠎ᠠ ᠪᠠᠷ᠂ ᠠᠯᠠᠱᠠ ᠵᠡᠭᠦᠨ ᠬᠤᠰᠢᠭᠤ 11132.61 ᠲᠦᠮᠡᠨ ᠲᠥᠭᠦᠷᠢᠭ ᠲᠠᠷᠬᠠᠭᠠᠵᠤ᠂ 28973 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 55.74% ᠶᠢ ᠡᠵᠡᠯᠡᠪᠡ;ᠠᠯᠠᠱᠠ ᠪᠠᠷᠠᠭᠤᠨ ᠬᠤᠰᠢᠭᠤ 6518.28 ᠲᠦᠮᠡᠨ ᠲᠥᠭᠦᠷᠢᠭ ᠲᠠᠷᠬᠠᠭᠠᠵᠤ᠂ 12675 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 32.64% ᠶᠢ ᠡᠵᠡᠯᠡᠪᠡ;ᠡᠵᠡᠨ᠎ᠡ ᠬᠤᠰᠢᠭᠤ 572.3 ᠲᠦᠮᠡᠨ ᠲᠥᠭᠦᠷᠢᠭ ᠲᠠᠷᠬᠠᠭᠠᠵᠤ᠂ 2902 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠪᠦᠭᠦ ᠲᠣᠭᠠᠨ ᠤ 2.87% ᠶᠢ ᠡᠵᠡᠯᠡᠪᠡ;ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ 93.47 ᠲᠦᠮᠡᠨ ᠲᠥᠭᠦᠷᠢᠭ ᠲᠠᠷᠬᠠᠭᠠᠵᠤ᠂ 40 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 0.47% ᠶᠢ ᠡᠵᠡᠯᠡᠪᠡ;ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠥᠵᠡᠭᠦᠯᠭᠦ ᠣᠷᠣᠨ 1655.14 ᠲᠦᠮᠡᠨ ᠲᠥᠭᠦᠷᠢᠭ ᠲᠠᠷᠬᠠᠭᠠᠵᠤ᠂ 2499 ᠬᠥᠮᠥᠨ ︵ᠤᠳᠠᠭ᠎ᠠ︶ ᠳᠤ ᠠᠰᠢᠭ ᠬᠦᠷᠲᠡᠭᠡᠨ᠂ ᠲᠠᠷᠬᠠᠭᠠᠭᠰᠠᠨ ᠶᠡᠷᠦᠩᠬᠡᠢ ᠲᠣᠭᠠᠨ ᠤ 8.29% ᠶᠢ ᠡᠵᠡᠯᠡᠭᠰᠡᠨ ᠪᠠᠶᠢᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号