| | ᠤᠷᠭᠤᠭ᠎ᠠ ᠴᠢᠮᠡᠭᠡᠯᠡᠭᠴᠢ ᠨᠠᠷᠠᠨᠲᠤᠶᠠᠭ᠎ᠠ︶ ᠡᠨᠡ ᠵᠢᠯ᠂ ᠠᠯᠠᠱᠠ ᠵᠡᠭᠦᠨ ᠬᠤᠰᠢᠭᠤ ᠪᠦᠭᠦ ᠪᠡᠯᠡ | ᠤᠷᠤᠭᠤᠯᠤᠯᠳᠠ ᠨᠢ 580.5 ᠳ᠋ᠦᠩᠰᠢᠭᠤᠷ ᠲᠥᠭᠦᠷᠢᠭ ᠲᠤ ᠬᠦᠷᠬᠦ 63 ᠭᠤᠣᠯᠳᠠᠯᠭᠠᠲᠤ ᠲᠦᠷᠦᠯ ᠵᠦᠢᠯ ᠢ | ᠬᠡᠷᠡᠭᠵᠢᠭᠦᠯᠬᠦ ᠪᠠᠷ ᠲᠥᠰᠥᠪᠯᠡᠵᠦ᠂ ᠣᠳᠣᠬᠠᠨ ᠰᠢᠨ᠎ᠡ ᠪᠠᠷ ᠪᠠᠶᠢᠭᠤᠯᠬᠤ 6 ᠲᠦᠷᠦᠯ ᠵᠦᠢᠯ ᠪᠠ ᠦᠷᠭᠦᠯᠵᠢᠯᠡᠨ | ᠪᠠᠶᠢᠭᠤᠯᠬᠤ 5 ᠲᠦᠷᠦᠯ ᠵᠦᠢᠯ ᠠᠵᠢᠯ ᠢᠶᠠᠨ ᠡᠬᠢᠯᠡᠭᠦᠯᠵᠦ᠂ 1.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ | ᠠᠯᠠᠱᠠ ᠵᠡᠭᠦᠨ ᠬᠤᠰᠢᠭᠤᠨ ᠤ ᠡᠨᠡ ᠵᠢᠯ ᠤᠨ ᠪᠦᠭᠦ ᠭᠤᠣᠯᠳᠠᠯᠭᠠᠲᠤ ᠪᠦᠲᠦᠭᠡᠨ ᠪᠠᠶᠢᠭᠤᠯᠤᠯᠲᠠ ᠳᠤ | ᠰᠢᠨ᠎ᠡ ᠪᠠᠷ ᠪᠦᠲᠦᠭᠡᠨ ᠪᠠᠶᠢᠭᠤᠯᠬᠤ 47 ᠲᠦᠷᠦᠯ ᠵᠦᠢᠯ ᠳᠤ 88.2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠦᠷᠭᠦᠯᠵᠢᠯᠡᠨ ᠪᠦᠲᠦᠭᠡᠨ ᠪᠠᠶᠢᠭᠤᠯᠬᠤ 16 ᠲᠦᠷᠦᠯ ᠵᠦᠢᠯ ᠳᠤ 39 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠣᠨᠴᠠᠭᠠᠶᠢᠯᠠᠨ ᠠᠶᠢᠮᠠᠭ ᠤᠨ ᠳᠡᠰ ᠤᠨ 21 | ᠭᠤᠣᠯᠳᠠᠯᠭᠠᠲᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 368.3 ᠳ᠋ᠦᠩᠰᠢᠭᠤᠷ ᠲᠥᠭᠦᠷᠢᠭ ᠲᠤ | ᠬᠦᠷᠴᠦ᠂ ᠲᠤᠰ ᠵᠢᠯ ᠳᠡᠭᠡᠨ 87.7 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ | ᠲᠥᠰᠥᠪᠯᠡᠵᠦ ᠪᠤᠢ᠃ | ᠠᠵᠢᠯ ᠲᠦᠷᠦᠯ ᠤᠨ ᠲᠠᠯ᠎ᠠ ᠠᠴᠠ ᠠᠪᠴᠤ ᠦᠵᠡᠪᠡᠯ᠂ 9 ᠲᠦᠷᠦᠯ ᠤᠨ ᠵᠠᠮ ᠬᠠᠷᠢᠯᠴᠠᠭᠠᠨ ᠤ | ᠪᠦᠲᠦᠭᠡᠨ ᠪᠠᠶᠢᠭᠤᠯᠤᠯᠲᠠ ᠳᠤ 27.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠰᠥᠪᠯᠡᠨ᠂ 1 | ᠲᠥᠷᠥᠯ ᠵᠦᠢᠯ ᠠᠵᠢᠯ ᠡᠬᠢᠯᠡᠨ᠂10 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠠᠢ;16 | ᠲᠦᠷᠦᠯ ᠤᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠳᠤ 18.8 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠰᠥᠪᠯᠡᠵᠦ᠂ 7 ᠲᠦᠷᠦᠯ ᠵᠦᠢᠯ ᠠᠵᠢᠯ ᠡᠬᠢᠯᠡᠨ᠂ 0.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠠᠢ;12 ᠲᠦᠷᠦᠯ ᠤᠨ ᠡᠨᠧᠷᠭᠢ ᠶᠢᠨ ᠰᠤᠷᠪᠤᠯᠵᠢ ᠶᠢᠨ ᠪᠦᠲᠦᠭᠡᠨ | ᠪᠠᠶᠢᠭᠤᠯᠤᠯᠲᠠ ᠳᠤ 73.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠰᠥᠪᠯᠡᠵᠦ᠂ 1 ᠲᠦᠷᠦᠯ | ᠵᠦᠢᠯ ᠠᠵᠢᠯ ᠡᠬᠢᠯᠡᠨ᠂ 0.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ | ᠡᠭᠦᠨ ᠠᠴᠠ ᠭᠠᠳᠠᠨ᠎ᠠ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠡᠪᠡᠰᠦ ᠪᠡᠯᠴᠢᠭᠡᠷ ᠤᠰᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠠᠵᠢᠯ ᠦᠢᠯᠡᠰ᠂ ᠬᠤᠲᠠ ᠶᠢᠨ ᠶᠠᠪᠤᠳᠠᠯ ᠪᠠ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠵᠡᠷᠭᠡ ᠬᠦᠷᠢᠶ᠎ᠡ ᠴᠠᠷᠠᠭᠠᠨ ᠳᠠᠬᠢ ᠲᠥᠷᠥᠯ ᠵᠦᠢᠯ ᠤᠨ ᠪᠡᠯᠡᠳᠬᠡᠯ ᠠᠵᠢᠯ ᠣᠳᠣᠬᠠᠨ | ᠤᠷᠤᠭᠰᠢᠲᠠᠢ ᠶᠠᠪᠤᠭᠳᠠᠵᠤ ᠪᠤᠢ᠃ |