| | | ︵ᠳᠠᠳᠤᠯᠭ᠎ᠠ ᠶᠢᠨ ᠰᠤᠷᠪᠤᠯᠵᠢᠯᠠᠬᠴᠢ ᠴᠧᠩ ᠢ ᠵᠧ︶ ᠰᠤᠷᠪᠤᠯᠵᠢᠯᠠᠬᠴᠢ ᠠᠶᠢᠮᠠᠭ ᠤᠨ ᠣᠢ ᠰᠢᠭᠤᠢ | ᠪᠣᠯᠣᠨ ᠨᠤᠲᠤᠭ ᠪᠡᠯᠴᠢᠭᠡᠷ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 ᠰᠠᠷ᠎ᠠ ᠳᠤ ︽ | ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠳᠦᠷᠢᠮ︾ ᠢ ᠵᠢᠩᠬᠢᠨᠢ ᠪᠠᠷ ᠨᠡᠶᠢᠲᠡᠯᠡᠬᠦ ᠶᠢ ᠳᠠᠭᠠᠯᠳᠤᠨ᠂ | ᠮᠠᠨ ᠤ ᠠᠶᠢᠮᠠᠭ ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠠᠵᠢᠯ ᠢ ᠢᠳᠡᠪᠬᠢᠲᠡᠢ ᠠᠬᠢᠭᠤᠯᠵᠤ᠂ ᠢᠯᠡᠳᠲᠡ | ᠦᠷ᠎ᠡ ᠪᠦᠲᠦᠮᠵᠢ ᠣᠯᠣᠭᠰᠠᠨ ᠪᠠᠶᠢᠨ᠎ᠠ᠃ | ᠡᠷᠲᠡᠨ ᠤ ᠮᠣᠳᠣ ᠨᠡᠷᠡᠳᠦ ᠮᠣᠳᠣ ᠨᠢ ᠬᠤᠪᠣᠷ ᠨᠠᠨᠳᠢᠨ ᠠᠮᠢᠳᠤ ᠪᠣᠳᠠᠰ ᠤᠨ ᠳᠦᠷᠰᠦ᠂ ᠦᠵᠡᠮᠵᠢ ᠪᠠ | ᠠᠮᠢ ᠠᠬᠤᠢ ᠶᠢᠨ ᠡᠬᠢ ᠪᠠᠶᠠᠯᠢᠭ ᠪᠣᠯᠤᠭᠰᠠᠨ ᠤ ᠬᠤᠪᠢ ᠳᠤ ᠬᠠᠮᠠᠭᠠᠯᠠᠯᠲᠠ ᠶᠢᠨ ᠠᠴᠢ ᠬᠤᠯᠪᠣᠭᠳᠠᠯ ᠨᠢ ᠳᠤᠩ ᠶᠡᠭᠡ | ᠶᠤᠮ᠃ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠣᠯᠠᠨ ᠵᠦᠢᠯ ᠤᠨ ᠠᠷᠭ᠎ᠠ | ᠬᠡᠮᠵᠢᠶ᠎ᠡ ᠪᠠᠷ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠳᠤ ᠪᠤᠯᠬᠤ ᠳᠤ᠂ ᠪᠦᠭᠦ ᠠᠶᠢᠮᠠᠭ ᠤᠨ ᠡᠷᠲᠡᠨ ᠤ | ᠮᠣᠳᠣ ᠨᠠᠷᠠᠲᠤ ᠮᠣᠳᠣᠨ ᠤ ᠡᠬᠢ ᠪᠠᠶᠠᠯᠢᠭ ᠤᠨ ᠰᠠᠭᠤᠷᠢ ᠲᠤᠭ᠎ᠠ ᠶᠢ ᠦᠨᠳᠦᠰᠦᠨ ᠳᠡᠭᠡᠨ ᠲᠣᠳᠣᠷᠬᠠᠢ ᠣᠶᠢᠯᠠᠭᠠᠵᠤ᠂ | ᠣᠶᠤᠨᠴᠢ ᠨᠠᠷᠢᠯᠢᠭ ᠣᠨᠣᠴᠠᠲᠠᠢ ᠬᠠᠮᠠᠭᠠᠯᠠᠯᠲᠠ ᠬᠠᠮᠢᠶᠠᠷᠤᠯᠲᠠ ᠶᠢᠨ ᠵᠠᠭᠪᠤᠷ ᠢ ᠪᠤᠶ ᠪᠤᠯᠭᠠᠬᠰᠠᠨ ᠪᠠᠶᠢᠨ᠎ᠠ᠃ | ᠪᠦᠷᠢᠳᠬᠡᠭᠰᠡᠨ ᠢᠶᠠᠷ᠂ ᠠᠯᠠᠱᠠ ᠠᠶᠢᠮᠠᠭ ᠤᠨ ᠬᠠᠷᠢᠶᠠᠨ ᠳᠠᠬᠢ ᠡᠷᠲᠡᠨ ᠤ ᠮᠣᠳᠣ ᠨᠡᠷᠡᠳᠦ ᠮᠣᠳᠣᠨ ᠤ | ᠡᠬᠢ ᠪᠠᠶᠠᠯᠢᠭ ᠡᠯᠪᠡᠭ ᠠᠷᠪᠢᠨ᠂ ᠮᠠᠶᠢᠯᠠᠰᠤ ᠶᠢᠨ ᠢᠵᠠᠭᠤᠷ᠂ ᠪᠤᠷᠴᠠᠭ ᠤᠨ ᠢᠵᠠᠭᠤᠷ᠂ ᠬᠤᠰᠤᠭᠤᠷ ᠮᠣᠳᠣᠨ ᠤ | ᠢᠵᠠᠭᠤᠷ᠂ ᠨᠠᠷᠠᠰᠤ ᠶᠢᠨ ᠢᠵᠠᠭᠤᠷ᠂ ᠶᠠᠰᠢᠯ ᠤᠨ ᠢᠵᠠᠭᠤᠷ᠂ ᠰᠢᠷᠠᠯᠵᠢ ᠶᠢᠨ ᠢᠵᠠᠭᠤᠷ᠂ ᠤᠯᠢᠶᠠᠰᠤᠨ ᠮᠣᠳᠣᠨ ᠤ | ᠢᠵᠠᠭᠤᠷ᠂ ᠬᠠᠶᠢᠯᠠᠰᠤᠨ ᠮᠣᠳᠣᠨ ᠤ ᠢᠵᠠᠭᠤᠷ ᠵᠡᠷᠭᠡ 8 ᠶᠡᠭᠡ ᠲᠦᠷᠦᠯ ᠤᠨ 13 ᠵᠦᠢᠯ ᠤᠨ690 ᠰᠠᠭᠤᠷᠢ | ᠮᠣᠳᠣ ᠪᠤᠢ᠃ ᠡᠭᠦᠨ ᠳᠤ᠂ ᠠᠯᠠᠱᠠ ᠵᠡᠭᠦᠨ ᠬᠤᠰᠢᠭᠤᠨ ᠳᠤ 360 ᠰᠠᠭᠤᠷᠢ᠂ ᠠᠯᠠᠱᠠ ᠪᠠᠷᠠᠭᠤᠨ ᠬᠤᠰᠢᠭᠤᠨ ᠳᠤ | 281 ᠰᠠᠭᠤᠷᠢ᠂ ᠡᠵᠡᠨ᠎ᠡ ᠬᠤᠰᠢᠭᠤᠨ ᠳᠤ 49 ᠰᠠᠭᠤᠷᠢ ᠪᠠᠶᠢᠬᠤ ᠪᠥᠭᠡᠳ ᠪᠤᠢ ᠪᠦᠬᠦᠢ ᠡᠷᠲᠡᠨ ᠤ ᠮᠣᠳᠣ ᠨᠡᠷᠡᠲᠦ | ᠮᠣᠳᠣ ᠶᠢ ᠴᠥᠮ ᠲᠤᠭ᠎ᠠ ᠪᠠᠷᠢᠮᠲᠠ ᠶᠢᠨ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠪᠡ᠃ ᠡᠷᠲᠡᠨ ᠤ ᠮᠣᠳᠣᠨ ᠤ | ᠳᠡᠰ ᠢᠶᠠᠷ ᠬᠤᠪᠢᠶᠠᠷᠢᠯᠠᠪᠠᠯ᠂ ᠨᠢᠭᠡᠳᠦᠭᠡᠷ ᠳᠡᠰ ᠤᠨ ᠡᠷᠲᠡᠨ ᠤ ᠮᠣᠳᠣ 13 ᠰᠠᠭᠤᠷᠢ᠂ ᠬᠤᠶᠠᠳᠤᠭᠠᠷ ᠳᠡᠰ ᠤᠨ | ᠡᠷᠲᠡᠨ ᠤ ᠮᠣᠳᠣ 133 ᠰᠠᠭᠤᠷᠢ᠂ ᠭᠤᠷᠪᠠᠳᠤᠭᠠᠷ ᠳᠡᠰ ᠤᠨ ᠡᠷᠲᠡᠨ ᠤ ᠮᠣᠳᠣ 544 ᠰᠠᠭᠤᠷᠢ ᠪᠤᠢ᠃ | ᠡᠭᠦᠨ ᠠᠴᠠ ᠭᠠᠳᠠᠨ᠎ᠠ᠂ ᠪᠠᠰᠠ ᠡᠷᠲᠡᠨ ᠤ ᠮᠣᠳᠣ ᠤᠷᠭᠤᠭᠰᠠᠨ ᠭᠠᠵᠠᠷ 91 ᠪᠠᠶᠢᠵᠤ᠂ ᠠᠯᠠᠱᠠ ᠵᠡᠭᠦᠨ | ᠬᠤᠰᠢᠭᠤᠨ ᠳᠤ 4᠂ ᠠᠯᠠᠱᠠ ᠪᠠᠷᠠᠭᠤᠨ ᠬᠤᠰᠢᠭᠤᠨ ᠳᠤ 31᠂ ᠡᠵᠡᠨ᠎ᠡ ᠬᠤᠰᠢᠭᠤᠨ ᠳᠤ 56 ᠬᠡᠰᠡᠭ ᠪᠤᠶ᠃ ︽ | ᠠᠶᠢᠮᠠᠭ ᠬᠤᠰᠢᠭᠤ ᠬᠠᠮᠵᠢᠯᠴᠠᠬᠤ᠂ ᠠᠶᠢᠮᠠᠭ ᠤᠨ ᠱᠠᠲᠤ ᠨᠢᠭᠡᠳᠦᠯᠲᠡᠢ ᠲᠥᠯᠥᠪᠯᠡᠬᠦ᠂ ᠬᠤᠰᠢᠭᠤ ᠣᠷᠣᠨ ᠭᠤᠣᠯ | ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠵᠠᠭᠪᠤᠷ ᠪᠠ ︽ᠨᠢᠭᠡ ᠮᠣᠳᠣ ︵ᠠᠷᠪᠢᠨ ᠤᠷᠭᠤᠭᠰᠠᠨ ᠭᠠᠵᠠᠷ︶ ᠳᠤ | ᠨᠢᠭᠡ ᠲᠠᠩᠰᠠ ᠡᠪᠬᠡᠮᠡᠯ ᠪᠠᠶᠢᠭᠤᠯᠬᠤ︾ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ | ᠪᠦᠭᠦ ᠠᠶᠢᠮᠠᠭ ᠲᠤ ᠡᠷᠲᠡᠨ ᠤ ᠮᠣᠳᠣ ᠨᠠᠷᠠᠲᠤ ᠮᠣᠳᠣ ᠶᠢ ᠨᠠᠷᠢᠯᠢᠭ ᠣᠨᠣᠴᠠᠲᠠᠢ ᠪᠠᠷ ᠬᠠᠮᠠᠭᠠᠯᠠᠬᠤ ᠪᠠ ᠬᠠᠮᠢᠶᠠᠷᠬᠤ ᠶᠢ | ᠠᠩᠬ᠎ᠠ ᠠᠯᠬᠤᠮ ᠪᠡᠶᠡᠯᠡᠭᠦᠯᠪᠡ᠃ | ᠬᠠᠮᠠᠭᠠᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ᠂ ᠡᠯ᠎ᠡ | ᠬᠤᠰᠢᠭᠤ ᠣᠷᠣᠨ ᠤ ᠬᠢᠨ ᠢᠳᠡᠪᠬᠢᠲᠡᠢ ᠬᠥᠳᠡᠯᠦᠯᠴᠡᠵᠦ ᠪᠠᠶᠢᠨ᠎ᠠ᠃ ᠠᠯᠠᠱᠠ ᠵᠡᠭᠦᠨ ᠬᠤᠰᠢᠭᠤ 360 ᠰᠠᠭᠤᠷᠢ | ᠡᠷᠲᠡᠨ ᠤ ᠮᠣᠳᠣᠨ ᠤ ᠲᠡᠮᠳᠡᠭᠯᠡᠯ ᠤᠨ ᠨᠣᠮᠧᠷ᠂ ᠮᠣᠳᠣᠨ ᠤ ᠲᠥᠷᠥᠯ᠂ ᠬᠠᠮᠠᠭᠠᠯᠠᠯᠲᠠ ᠶᠢᠨ ᠲᠠᠰ᠂ ᠠᠷᠠᠴᠢᠯᠠᠨ | ᠬᠠᠮᠠᠭᠠᠯᠠᠬᠤ ᠬᠠᠷᠢᠭᠤᠴᠠᠯᠭᠠᠲᠤ ᠨᠢᠭᠡᠴᠢ ᠵᠡᠷᠭᠡ ᠮᠡᠳᠡᠭᠡ ᠵᠠᠩᠭᠢ ᠶᠢ ᠰᠢᠨᠡᠳᠬᠡᠬᠦ ᠪᠠᠷ ᠲᠥᠯᠥᠪᠯᠡᠵᠦ ᠪᠠᠶᠢᠬᠤ ᠪᠥᠭᠡᠳ | ᠮᠡᠷᠭᠡᠨ ᠴᠣᠬᠤᠷ ᠲᠠᠢ ᠨᠠᠷᠢᠨ ᠮᠡᠳᠡᠭᠡ ᠵᠠᠩᠭᠢ ᠶᠢᠨ ᠮᠣᠳᠣᠨ ᠤ ᠫᠠᠶᠢᠰᠠ ᠶᠢ ᠡᠬᠢᠯᠡᠨ ᠬᠡᠷᠡᠭᠯᠡᠵᠦ᠂ ᠵᠠᠯᠭᠠᠭᠠᠳ ᠪᠠᠰᠠ | ᠡᠷᠲᠡᠨ ᠤ ᠮᠣᠳᠣᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠬᠦ ᠪᠣᠯᠣᠨ᠎ᠠ᠃ ᠠᠯᠠᠱᠠ | ᠪᠠᠷᠠᠭᠤᠨ ᠬᠤᠰᠢᠭᠤ ︽ᠨᠢᠭᠡ ᠮᠣᠳᠣᠨ ᠳᠤ ᠨᠢᠭᠡ ᠲᠠᠩᠰᠠ ᠡᠪᠬᠡᠮᠡᠯ ᠪᠠᠶᠢᠭᠤᠯᠬᠤ︾ ᠵᠠᠷᠴᠢᠮ ᠢ ᠦᠨᠳᠦᠰᠦᠯᠡᠨ᠂ | 281 ᠰᠠᠭᠤᠷᠢ ᠡᠷᠲᠡᠨ ᠤ ᠮᠣᠳᠣ ᠶᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠫᠠᠶᠢᠰᠠ ᠡᠯᠭᠦᠨ ᠲᠠᠩᠰᠠ | ᠡᠪᠬᠡᠮᠡᠯ ᠪᠠᠶᠢᠭᠤᠯᠬᠤ ᠶᠢᠨ ᠬᠠᠮᠲᠤ ᠬᠠᠮᠠᠭᠠᠯᠠᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ︽ᠣᠶ ᠰᠢᠭᠤᠢ ᠶᠢᠨ | ᠳᠠᠷᠤᠭ᠎ᠠ ᠶᠢᠨ ᠳᠦᠷᠢᠮ︾ ᠢᠶᠠᠷ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠠᠭᠠᠯᠠᠯᠲᠠ ᠶᠢᠨ ᠮᠡᠳᠡᠯᠭᠡ ᠶᠢ ᠶᠡᠭᠡ ᠪᠠᠷ | ᠲᠦᠭᠡᠮᠡᠯᠵᠢᠭᠦᠯᠪᠡ᠃ ᠡᠵᠡᠨ᠎ᠡ ᠬᠤᠰᠢᠭᠤ ᠲᠣᠣᠷᠠᠢ ᠶᠢᠨ ᠣᠶ ᠶᠢᠨ ᠦᠵᠡᠮᠵᠢ ᠶᠢᠨ ᠣᠷᠣᠨ ᠳᠤ ᠡᠷᠲᠡᠨ ᠤ ᠮᠣᠳᠣ | ᠨᠠᠷᠠᠲᠤ ᠮᠣᠳᠣ ᠶᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠳᠡᠩᠰᠡᠯᠡᠨ ᠺᠠᠷᠲᠯᠠᠭᠰᠠᠨ ᠲᠣᠣᠷᠠᠢ ᠶᠢᠨ | ᠡᠷᠲᠡᠨ ᠤ ᠮᠣᠳᠣ᠂ ᠨᠢᠭᠡᠳᠦᠭᠡᠷ ᠬᠤᠶᠠᠳᠤᠭᠠᠷ ᠳᠡᠰ ᠤᠨ ᠡᠷᠲᠡᠨ ᠤ ᠮᠣᠳᠣ ᠵᠢᠴᠢ ᠲᠣᠣᠷᠠᠢ ᠶᠢᠨ ᠡᠷᠲᠡᠨ ᠤ ᠤᠢ ᠶᠢ | ᠭᠤᠣᠯᠳᠠᠯᠭ᠎ᠠ ᠲᠠᠢ ᠬᠠᠮᠠᠭᠠᠯᠠᠬᠤ ᠪᠠᠶᠢᠳᠠᠯ ᠢ ᠲᠣᠳᠣᠷᠬᠠᠶᠢᠯᠠᠨ᠂ ᠡᠷᠲᠡᠨ ᠤ ᠮᠣᠳᠣ ᠶᠢ ᠬᠠᠮᠠᠭᠠᠯᠠᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠪᠠᠷ | ᠪᠤᠢ᠃ | ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠪᠠ ᠴᠢᠬᠢ ᠮᠣᠳᠣᠨ ᠤ ᠠᠵᠢᠯ ᠤᠨ ᠥᠷᠲᠡᠭᠡ ᠶᠢᠨ ᠳᠡᠳ᠋ | ᠳᠠᠷᠤᠭ᠎ᠠ ᠭᠦᠶ ᠰᠢᠶᠠᠩ᠄ ︽ᠲᠠᠷᠠᠭᠠᠴᠢ ᠪᠠᠷ ᠪᠦᠭᠦ ᠠᠶᠢᠮᠠᠭ ᠤᠨ ᠡᠷᠲᠡᠨ ᠤ ᠮᠣᠳᠣ ᠨᠠᠷᠠᠲᠤ ᠮᠣᠳᠣᠨ ᠤ ᠡᠬᠢ | ᠪᠠᠶᠠᠯᠢᠭ ᠲᠤ ᠨᠥᠬᠦᠪᠦᠷᠢ ᠪᠠᠶᠢᠴᠠᠭᠠᠯᠲᠠ ᠬᠢᠬᠦ ᠶᠢ ᠡᠬᠢᠯᠡᠭᠦᠯᠵᠦ᠂ ᠡᠷᠲᠡᠨ ᠤ ᠮᠣᠳᠣ ᠨᠠᠷᠠᠲᠤ ᠮᠣᠳᠣᠨ ᠤ ᠣᠶᠤᠨᠴᠢ | ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢ ᠴᠢᠩᠭᠠᠷᠠᠭᠤᠯᠤᠨ᠂ ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠬᠠᠮᠠᠭᠠᠯᠠᠬᠤ ᠲᠥᠬᠦᠭᠡᠷᠦᠮᠵᠢ ᠶᠢ ᠪᠠᠶᠢᠷᠢᠯᠠᠭᠤᠯᠵᠤ᠂ ᠫᠠᠶᠢᠰᠠ ᠡᠯᠭᠦᠨ ᠬᠠᠮᠠᠭᠠᠯᠠᠬᠤ ᠶᠢ ᠪᠦᠭᠦ | ᠲᠠᠯ᠎ᠠ ᠪᠠᠷ ᠬᠡᠷᠡᠭᠵᠢᠭᠦᠯᠦᠨ᠎ᠡ︾ ᠭᠡᠪᠡ᠃ |