ᠠᠯᠠᠱᠠ ᠶᠢᠨ ᠲᠡᠮᠡᠭᠡᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢᠶᠠᠷ ᠰᠣᠩᠭᠤᠭᠳᠠᠯ᠎ᠠ
ᠨᠡᠶᠢᠲᠡᠯᠡᠭᠰᠡᠨ ᠴᠠᠭ᠄
2025/5/21
                      ᠰᠡᠴᠡᠨᠪᠠᠲᠤ      ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠲᠠᠰ ᠤᠨ ᠳᠥᠷᠪᠡᠳᠦᠭᠡᠷ ᠪᠦᠯᠦᠭ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠤ ᠲᠠᠨᠢᠯᠴᠠᠭᠤᠯᠭ᠎ᠠ ᠶᠢᠨ ᠨᠡᠷᠡᠰ︾ ᠢ ᠨᠡᠶᠢᠲᠡᠯᠡᠵᠦ᠂ ᠮᠠᠨ ᠤ ᠠᠶᠢᠮᠠᠭ ᠤᠨ ᠲᠡᠮᠡᠭᠡᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠰᠣᠩᠭᠤᠭᠳᠠᠭᠰᠠᠨ ᠪᠠᠶᠢᠨ᠎ᠠ᠃          ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠪᠣᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠᠷ ᠭᠤᠣᠯ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠲᠡᠦᠬᠡ ᠰᠣᠶᠣᠯ ᠤᠨ ᠡᠬᠢ ᠪᠠᠶᠠᠯᠢᠭ ᠡᠯᠪᠡᠭ᠂ ᠣᠷᠣᠰᠢᠨ ᠦᠷᠭᠦᠯᠵᠢᠯᠡᠬᠦ ᠪᠠᠶᠢᠳᠠᠯ ᠢᠶᠠᠷ ᠰᠠᠶᠢᠨ᠂ ᠰᠣᠶᠣᠯ ᠤᠨ ᠦᠨ᠎ᠡ ᠥᠷᠲᠡᠭ ᠨᠢ ᠥᠨᠳᠥᠷ᠂ ᠣᠷᠣᠨ ᠨᠤᠲᠤᠭ ᠤᠨ ᠣᠨᠴᠠᠯᠢᠭ  ᠲᠣᠪᠣᠶᠢᠮ᠎ᠠ ᠰᠣᠶᠣᠯ ᠤᠨ ᠭᠡᠯᠪᠡᠷᠢ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ ᠬᠠᠮᠠᠭᠠᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠢᠨᠠᠨ ᠬᠠᠷᠭᠤᠭᠤᠯᠤᠯᠲᠠ ᠶᠢ ᠥᠩᠭᠡᠷᠡᠭᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ ᠪᠠᠶᠢᠭᠤᠯᠤᠭᠰᠠᠨ ᠤᠨᠴᠠᠭᠠᠢ ᠣᠷᠣᠨ ᠲᠣᠭᠤᠷᠢᠭ ᠪᠣᠯᠣᠨ᠎ᠠ᠃          ᠠᠯᠠᠱᠠ ᠶᠢᠨ ᠤᠷᠳᠤ ᠤᠳᠠᠭᠠᠨ ᠬᠤᠭᠤᠴᠠᠭᠠᠨ ᠤ ᠬᠥᠭᠵᠢᠯ ᠬᠤᠪᠢᠷᠠᠯ ᠤᠨ ᠳᠤᠮᠳᠠ ᠲᠡᠮᠡᠭᠡ ᠨᠢ ᠠᠶᠠᠨ ᠲᠡᠭᠡᠭᠡᠪᠦᠷᠢ᠂ ᠵᠠᠮ ᠬᠠᠷᠢᠯᠴᠠᠭ᠎ᠠ ᠶᠢᠨ ᠪᠠᠭᠠᠵᠢ᠂ ᠮᠠᠯᠴᠢᠨ ᠲᠦᠮᠡᠨ ᠤ ᠤᠷᠤᠯᠭ᠎ᠠ ᠠᠮᠢᠳᠤᠷᠠᠯ ᠤᠨ ᠭᠤᠣᠯ ᠢᠷᠡᠯᠲᠡ ᠵᠡᠷᠭᠡ ᠦᠢᠯᠡᠳᠦᠯ ᠢ ᠪᠠᠳᠠᠷᠠᠭᠤᠯᠤᠨ᠂ ᠲᠡᠮᠡᠭᠡ ᠮᠠᠯᠵᠢᠬᠤ᠂ ᠲᠡᠮᠡᠭᠡᠨ ᠤ ᠡᠳ᠋ᠯᠡᠯ ᠬᠡᠷᠡᠭᠰᠡᠯ ᠬᠢᠬᠦ᠂ ᠲᠡᠮᠡᠭᠡᠨ ᠰᠣᠶᠣᠯ ᠤᠨ ᠨᠠᠭᠠᠳᠤᠮ ᠡᠷᠭᠢᠯᠡᠭᠦ᠂ ᠲᠡᠮᠡᠭᠡᠨ ᠰᠣᠶᠣᠯ ᠲᠠᠢ ᠬᠠᠮᠢᠶ᠎ᠠ ᠲᠠᠢ ᠳᠠᠭᠤᠤ ᠬᠥᠭᠵᠢᠮ᠂ ᠰᠢᠯᠦᠭ ᠨᠠᠶᠢᠷᠠᠭ᠂ ᠪᠥᠵᠢᠭ ᠲᠤᠬᠯᠠᠯᠳᠠ ᠶᠢ ᠵᠣᠬᠢᠶᠠᠨ ᠪᠦᠲᠦᠭᠡᠬᠦ᠂ ᠲᠡᠮᠡᠭᠡᠨ ᠤ ᠮᠢᠬ᠎ᠠ᠂ ᠰᠦ ᠵᠡᠷᠭᠡ ᠠᠰᠢᠭ ᠰᠢᠮ᠎ᠡ ᠶᠢᠨ ᠨᠡᠭᠡᠭᠡᠯᠲᠡ ᠬᠢᠵᠦ᠂ ᠰᠣᠶᠣᠯ ᠵᠢᠭᠤᠯᠴᠢᠯᠠᠯ ᠤᠨ ᠲᠠᠸᠠᠷ ᠤᠨ ᠨᠡᠷᠡᠳᠦ ᠲᠡᠮᠳᠡᠭ ᠢ ᠡᠭᠦᠳᠬᠦ ᠳᠤᠮᠳᠠ ᠣᠷᠣᠯᠠᠭᠤᠯᠵᠤ ᠪᠣᠯᠣᠰᠢ ᠦᠭᠡᠢ ᠦᠢᠯᠡᠳᠦᠯ ᠦᠵᠡᠭᠦᠯᠵᠡᠢ᠃ ᠮᠠᠨ ᠤ ᠠᠶᠢᠮᠠᠭ ᠤᠤᠯ ᠠᠴᠠ ᠪᠠᠨ ᠲᠡᠮᠡᠭᠡ ᠮᠠᠯᠵᠢᠯ ᠤᠨ ᠰᠣᠶᠣᠯ ᠢ ᠤᠯᠠᠮᠵᠢᠯᠠᠨ ᠬᠠᠳᠠᠭᠠᠯᠠᠵᠤ ᠢᠷᠡᠭᠰᠡᠨ ᠲᠡᠦᠬᠡ ᠶᠢ ᠪᠢᠴᠢᠭᠯᠡᠵᠦ᠂ ᠣᠨᠴᠠᠭᠠᠶᠢᠯᠠᠨ ᠣᠶᠢᠷ᠎ᠠ ᠶᠢᠨ ᠵᠢᠯ ᠤᠳ ᠠᠴᠠ ᠪᠦᠭᠦ ᠠᠶᠢᠮᠠᠭ ᠤᠨ ᠡᠯ᠎ᠡ ᠱᠠᠲᠤᠨ ᠤ ᠨᠠᠮ ᠵᠠᠰᠠᠭ ᠤᠨ ᠳᠡᠮᠵᠢᠯᠭᠡ ᠴᠢᠬᠤᠯᠠᠴᠢᠯᠠᠯ ᠳᠣᠣᠷ᠎ᠠ ᠲᠡᠮᠡᠭᠡᠨ ᠰᠣᠶᠣᠯ ᠢ ᠤᠯᠠᠮᠵᠢᠯᠠᠨ ᠬᠠᠮᠠᠭᠠᠯᠠᠬᠤ ᠲᠠᠯ᠎ᠠ ᠪᠠᠷ ᠨᠡᠯᠢᠶᠡᠳ ᠰᠠᠶᠢᠨ ᠠᠮᠵᠢᠯᠲᠠ ᠣᠯᠵᠤ᠂ ᠠᠯᠠᠱᠠ ᠶᠢᠨ ᠲᠡᠮᠡᠭᠡᠨ ᠰᠣᠶᠣᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠦᠷᠢᠯᠳᠦᠯ ᠳᠤ ᠰᠠᠶᠢᠨ ᠰᠠᠭᠤᠷᠢ ᠲᠠᠯᠪᠢᠵᠠᠢ᠃ ᠡᠳᠡᠭᠡᠷ ᠵᠢᠯ ᠤᠳ ᠲᠤ᠂ ᠮᠠᠨ ᠤ ᠠᠶᠢᠮᠠᠭ ᠬᠤᠣᠰ ᠪᠥᠬᠦᠲᠦ ᠲᠡᠮᠡᠭᠡᠨ ᠤ ᠦᠷᠡᠵᠢᠯ ᠤᠨ ᠲᠠᠯᠠᠪᠠᠢ ᠪᠠᠷ ᠭᠤᠣᠯ ᠪᠤᠯᠭᠠᠵᠤ᠂ ᠭᠤᠣᠯᠯᠠᠭᠴᠢ ᠮᠠᠯᠵᠢᠬᠤ ᠡᠷᠦᠭᠡ ᠪᠣᠯᠣᠨ ᠮᠠᠯᠵᠢᠯ ᠤᠨ ᠲᠠᠯᠠᠪᠠᠢ ᠪᠠᠷ ᠰᠠᠭᠤᠷᠢ ᠪᠣᠯᠭᠠᠨ ᠪᠦᠭᠦ ᠣᠷᠣᠨ ᠳᠤ ᠬᠠᠮᠤᠭ ᠠᠩᠬᠠᠨ ᠤ ᠲᠡᠮᠡᠭᠡᠨ ᠤ ᠰᠠᠶᠢᠨ ᠡᠭᠦᠯᠳᠡᠷ ᠢ ᠦᠷᠡᠵᠢᠭᠦᠯᠦᠨ ᠥᠰᠬᠡᠬᠦ ᠰᠠᠭᠤᠷᠢᠨ ᠭᠠᠵᠠᠷ ᠢ ᠪᠠᠶᠢᠭᠤᠯᠤᠨ᠂ ᠪᠠᠳᠠᠢ ᠶᠢᠨ ᠵᠢᠷᠠᠨ᠂ ᠪᠠᠶᠠᠨᠭᠤᠣᠯ᠂ ᠪᠠᠶᠢᠰᠢᠩᠭᠤᠤᠯ᠂ ᠡᠩᠭᠡᠷᠤ᠋ᠰᠤ ᠵᠡᠷᠭᠡ 4 ᠮᠠᠯᠵᠢᠬᠤ ᠣᠷᠣᠨ ᠢ ᠲᠣᠭᠲᠠᠭᠠᠨ ᠪᠠᠶᠢᠭᠤᠯᠵᠠᠢ᠃          ᠠᠯᠠᠱᠠ ᠶᠢᠨ ᠲᠡᠮᠡᠭᠡᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠮᠠᠨ ᠤ ᠠᠶᠢᠮᠠᠭ ︽ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶᠠᠷᠤᠯᠲᠠ ᠶᠢᠨ ᠠᠷᠭ᠎ᠠ︾᠂ ︽ᠠᠯᠠᠱᠠ ᠶᠢᠨ ᠲᠡᠮᠡᠭᠡᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠲᠥᠯᠦᠪᠵᠢᠭᠦᠯᠭᠡ ᠶᠢᠨ ᠬᠥᠲᠥᠯᠪᠦᠷᠢ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠰᠣᠶᠣᠯ ᠤᠨ ᠠᠮᠢ ᠠᠬᠤᠢ ᠶᠢ ᠪᠠᠶᠢᠭᠠᠯᠢ ᠶᠢᠨ ᠠᠮᠢ ᠠᠬᠤᠢ᠂ ᠰᠣᠶᠣᠯ ᠤᠨ ᠥᠪ᠂ ᠤᠯᠠᠮᠵᠢᠯᠠᠯᠲᠤ ᠵᠠᠩ ᠳᠠᠳᠬᠠᠯ᠂ ᠣᠨᠴᠠᠯᠢᠭᠲᠤ ᠠᠵᠤ ᠦᠢᠯᠡᠰ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠤᠨ᠂ ᠮᠣᠩᠭᠤᠯ ᠦᠨᠳᠦᠰᠦᠲᠡᠨ ᠤ ᠲᠡᠮᠡᠭᠡ ᠮᠠᠯᠵᠢᠬᠤ ᠵᠠᠩ ᠳᠠᠳᠬᠠᠯ᠂ ᠮᠣᠩᠭᠤᠯ ᠦᠨᠳᠦᠰᠦᠲᠡᠨ ᠤ ᠲᠡᠮᠡᠭᠡ ᠤᠷᠤᠯᠳᠤᠬᠤ᠂ ᠲᠡᠮᠡᠭᠡᠨ ᠤ ᠴᠠᠭᠠᠨ ᠢᠳᠡᠭᠡ ᠬᠢᠬᠦ ᠮᠡᠷᠭᠡᠵᠢᠯ᠂ ᠲᠡᠮᠡᠭᠡᠨ ᠤ ᠵᠡᠭᠦᠦ ᠲᠥᠭᠡᠨᠡᠯᠭᠡ ᠶᠢᠨ ᠮᠡᠷᠭᠡᠵᠢᠯ᠂ ᠲᠡᠮᠡᠭᠡᠨ ᠤ ᠡᠳ᠋ᠯᠡᠯ ᠬᠡᠷᠡᠭᠰᠡᠯ ᠬᠢᠬᠦ  ᠭᠠᠷ ᠤᠷᠠᠯᠠᠯ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ ᠠᠰᠢᠭᠯᠠᠬᠤ ᠶᠢ ᠲᠦᠯᠬᠢᠨ ᠠᠬᠢᠭᠤᠯᠵᠤ᠂ ᠲᠡᠮᠡᠭᠡᠨ ᠰᠣᠶᠣᠯ ᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠠᠯᠠᠱᠠ ᠶᠢᠨ ᠲᠡᠮᠡᠭᠡᠨ ᠰᠣᠶᠣᠯ ᠤᠨ ᠠᠭᠤᠯᠬᠤᠨ ᠪᠠ ᠬᠥᠭᠵᠢᠯᠲᠡ ᠶᠢᠨ ᠪᠠᠶᠢᠳᠠᠯ ᠢ ᠪᠠᠶᠠᠯᠢᠭᠵᠢᠭᠤᠯᠤᠨ ᠲᠡᠭᠡᠭᠰᠢᠯᠡᠭᠦᠯᠵᠤ ᠴᠢᠳᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号