| ᠲᠤᠰ ᠰᠣᠨᠢᠨ ᠤ ᠰᠤᠷᠪᠤᠯᠵᠢᠯᠠᠬᠴᠢ ᠳ᠋ᠧᠩ ᠰᠦ᠋ ᠲᠦᠩ ᠰᠥᠩ ᠵᠢᠶᠠ ᠮᠢᠩ | | ᠵᠢᠯ ᠤᠨ ᠠᠵᠢᠯ ᠬᠠᠪᠤᠷ ᠲᠠᠭᠠᠨ ᠭᠡᠳᠡᠭᠴᠢᠯᠡᠨ᠂ ᠮᠠᠨ ᠤ ᠠᠶᠢᠮᠠᠭ ᠮᠥᠴᠡ ᠶᠢ ᠠᠮᠵᠢᠨ᠂ ᠬᠠᠪᠤᠷ ᠤᠨ | ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠰᠢᠨ᠎ᠡ ᠨᠢᠭᠡ ᠵᠢᠯ ᠤᠨ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠳᠤ ᠰᠠᠶᠢᠨ ᠰᠠᠭᠤᠷᠢ ᠶᠢ ᠲᠠᠯᠪᠢᠬᠤ ᠪᠠᠷ ᠴᠢᠷᠮᠠᠶᠢᠵᠤ ᠪᠠᠶᠢᠨ᠎ᠠ᠃ | ᠰᠤᠷᠪᠤᠯᠵᠢᠯᠠᠬᠴᠢ ᠵᠢᠷᠭᠠᠯᠰᠠᠶᠢᠬᠠᠨ ᠪᠠᠯᠭᠠᠰᠤᠨ ᠤ ᠤᠯᠠᠭᠠᠨ ᠡᠩᠬᠡ ᠭᠠᠴᠠᠭᠠᠨ ᠤ ᠲᠠᠷᠢᠮᠠᠯ ᠤᠨ ᠲᠣᠮᠣ | ᠡᠷᠤᠭᠡ ᠪᠤᠯᠬᠤ ᠯᠢᠦ ᠯᠢ ᠵᠢᠶᠦ᠋ᠨ ᠤ ᠲᠠᠷᠢᠶᠠᠨ ᠳᠤ ᠬᠦᠷᠬᠦ ᠳᠤ᠂ ᠲᠠᠷᠢᠶᠠᠨ ᠳᠤ ᠬᠡᠷᠡᠭᠯᠡᠬᠦ ᠲᠤᠰᠬᠠᠢ ᠮᠠᠰᠢᠨ ᠨᠠᠭᠠᠰᠢ | ᠴᠠᠭᠠᠰᠢ ᠰᠦᠯᠵᠢᠯᠳᠦᠨ ᠲᠤᠰᠬᠠᠢ ᠡᠳ᠋ᠰᠢᠭᠦᠯᠦᠭᠰᠡᠨ ᠪᠣᠷᠳᠣᠭᠤᠷ ᠰᠠᠴᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠲᠥᠯᠥᠪᠯᠡᠭᠡ ᠶᠣᠰᠣᠭᠠᠷ ᠡᠷᠴᠢᠮᠲᠡᠢ ᠶᠠᠪᠤᠭᠳᠠᠵᠤ ᠪᠠᠶᠢᠯ᠎ᠠ᠃ ᠲᠤᠰᠬᠠᠢ ᠡᠳ᠋ᠰᠢᠭᠦᠯᠵᠦ ᠪᠣᠯᠪᠠᠰᠤᠷᠠᠭᠤᠯᠤᠭᠰᠠᠨ | ᠪᠣᠷᠳᠣᠭᠤᠷ ᠲᠤ ᠡᠯᠪᠡᠭ ᠪᠠᠶᠠᠯᠢᠭ ᠣᠷᠭᠠᠨᠢᠭ ᠪᠣᠳᠠᠰ ᠪᠠ ᠪᠢᠴᠢᠯ ᠡᠯᠧᠮᠧᠨ᠋ᠲ ᠠᠭᠤᠯᠵᠤ᠂ ᠬᠥᠷᠥᠰᠥ ᠰᠢᠷᠣᠢ ᠶᠢ | ᠪᠦᠭᠦ ᠲᠠᠯ᠎ᠠ ᠪᠠᠷ ᠵᠣᠬᠢᠴᠠᠭᠤᠯᠤᠨ᠂ ᠬᠥᠷᠥᠰᠥ ᠰᠢᠷᠣᠢ ᠶᠢᠨ ᠤᠰᠤ ᠶᠢ ᠪᠠᠲᠤᠯᠠᠬᠤ ᠴᠢᠳᠠᠪᠤᠷᠢ ᠪᠠ ᠰᠢᠮ᠎ᠡ ᠲᠡᠵᠢᠭᠡᠯ ᠢ | ᠬᠠᠩᠭᠠᠬᠤ ᠴᠢᠳᠠᠪᠤᠷᠢ ᠶᠢ ᠨᠡᠮᠡᠭᠳᠡᠭᠦᠯᠬᠦ ᠪᠣᠯᠬᠤᠷ᠂ ᠲᠠᠷᠢᠶᠠᠨ ᠤ ᠤᠰᠤ ᠶᠢ ᠠᠷᠪᠢᠯᠠᠬᠤ ᠮᠥᠷᠲᠡᠭᠡᠨ ᠬᠢᠮᠢ ᠶᠢᠨ | ᠪᠣᠷᠳᠣᠭᠤᠷ ᠤᠨ ᠬᠡᠷᠡᠭᠯᠡᠯᠲᠡ ᠶᠢ ᠵᠣᠬᠢᠬᠤ ᠬᠡᠮᠵᠢᠶ᠎ᠡ ᠪᠠᠷ ᠣᠷᠣᠯᠠᠭᠤᠯᠵᠤ᠂ ᠬᠥᠷᠥᠰᠥ ᠰᠢᠷᠣᠢ ᠶᠢᠨ | ᠬᠠᠲᠠᠭᠤᠷᠠᠬᠤ ᠠᠴᠠ ᠵᠠᠶᠢᠯᠠᠰᠬᠢᠵᠦ ᠴᠢᠳᠠᠬᠤ ᠶᠤᠮ᠃ | ᠣᠶᠢᠷ᠎ᠠ ᠶᠢᠨ ᠵᠢᠯ ᠳᠤ᠂ ᠵᠢᠱᠢᠶ᠎ᠡ ᠦᠵᠡᠭᠦᠯᠭᠦ ᠣᠷᠣᠨ ᠤ ᠲᠠᠷᠢᠮᠠᠯ ᠤᠨ ᠡᠷᠦᠭᠡ ᠪᠣᠯᠣᠨ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠤᠨ ᠬᠢᠨ ᠬᠠᠮᠲᠤᠷᠠᠨ ᠠᠵᠢᠯᠯᠠᠬᠤ ᠲᠣᠭᠲᠠᠴᠠ ᠶᠢ ᠰᠦᠪᠡᠭᠴᠢᠯᠡᠨ᠂ ᠪᠣᠬᠢᠷᠳᠤᠯ | ᠦᠭᠡᠢ ᠳᠠᠷᠢᠵᠤ ᠲᠡᠵᠢᠭᠡᠬᠦ ᠡᠷᠭᠢᠯᠲᠡᠲᠦ ᠲᠠᠷᠢᠶᠠᠯᠠᠩ ᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ | ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠲᠤᠬᠠᠢ ᠶᠢᠨ ᠭᠠᠵᠠᠷ ᠲᠤᠨᠢ | ᠰᠢᠢᠳᠪᠦᠷᠢᠯᠡᠨ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠪᠦᠭᠦ | ᠲᠠᠯ᠎ᠠ ᠪᠠᠷ ᠳᠡᠭᠡᠭᠰᠢᠯᠡᠭᠦᠯᠦᠭᠰᠡᠨ ᠮᠥᠷᠲᠡᠭᠡᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠪᠠ | ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ | ᠲᠠᠷᠢᠶᠠᠯᠠᠩ ᠮᠠᠯ ᠠᠵᠤ ᠠᠬᠤᠢ ᠶᠢ ᠣᠷᠴᠢᠯᠳᠤᠭᠤᠯᠤᠨ ᠬᠥᠭᠵᠢᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃ ︽ᠲᠡᠵᠢᠭᠡᠨ | ᠦᠷᠡᠵᠢᠭᠦᠯᠬᠦ ᠲᠠᠯᠠᠪᠠᠢ ᠶᠢᠨ ᠬᠢᠨ ᠡᠷᠭᠢᠨ ᠲᠣᠭᠤᠷᠢᠨ ᠤ ᠦᠬᠡᠷ ᠤᠨ ᠲᠠᠯᠠᠪᠠᠢ ᠠᠴᠠ ᠨᠠᠳᠠ ᠦᠨ᠎ᠡ ᠲᠥᠯᠥᠪᠦᠷᠢ | ᠦᠭᠡᠢ ᠪᠠᠷ 3000 ᠮᠦ ᠭᠠᠵᠠᠷ ᠰᠢᠷᠣᠢ ᠶᠢᠨ ᠣᠷᠭᠠᠨᠢᠭ ᠪᠣᠷᠳᠣᠭᠤᠷ ᠬᠠᠩᠭᠠᠪᠠ᠂ ᠡᠨᠡ ᠪᠣᠷᠳᠣᠭᠤᠷ ᠨᠢ ᠭᠠᠵᠠᠷ | ᠰᠢᠷᠣᠢ ᠶᠢ ᠨᠡᠩ ᠥᠩ ᠰᠢᠮᠡᠯᠢᠭ ᠪᠤᠯᠭᠠᠵᠦ᠂ ᠲᠠᠷᠢᠮᠠᠯ ᠤᠨ ᠤᠷᠭᠤᠯᠲᠠ ᠶᠢ ᠳᠡᠭᠡᠭᠰᠢᠯᠡᠭᠦᠯᠦᠨ᠂ ᠬᠢᠮᠢ ᠶᠢᠨ | ᠪᠣᠷᠳᠣᠭᠤᠷ ᠤᠨ ᠬᠡᠷᠡᠭᠯᠡᠯᠲᠡ ᠶᠢ ᠪᠠᠭᠠᠰᠬᠠᠭᠰᠠᠨ ᠪᠠᠶᠢᠨ᠎ᠠ︾ ᠭᠡᠵᠦ ᠲᠠᠷᠢᠶᠠᠴᠢᠨ ᠯᠢᠦ ᠯᠢ ᠵᠢᠶᠦ᠋ᠨ ᠣᠯᠵᠠᠷᠬᠠᠨ | ᠶᠠᠷᠢᠵᠤ ᠪᠠᠶᠢᠯ᠎ᠠ᠃ | ᠾᠧ ᠢ ᠲᠠᠷᠢᠶᠠᠯᠠᠩ ᠤᠨ ᠦᠢᠯᠡᠳᠪᠦᠷᠢᠯᠡᠯ ᠬᠡᠷᠡᠭᠰᠡᠯ ᠤᠨ ᠦᠢᠯᠡᠴᠢᠯᠡᠭᠡᠨ ᠤ ᠭᠠᠵᠠᠷ ᠤᠨ ᠬᠥᠮᠥᠷᠭᠡ ᠳᠤ | ᠰᠤᠷᠪᠤᠯᠵᠢᠯᠠᠬᠴᠢ ᠪᠣᠷᠳᠣᠭᠤᠷ᠂ ᠦᠷ᠎ᠡ᠂ ᠲᠠᠷᠢᠶᠠᠨ ᠡᠮ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ | ᠪᠦᠷᠢᠨ ᠭᠦᠢᠴᠡᠳ ᠪᠠᠶᠢᠬᠤ ᠶᠢ ᠣᠯᠵᠤ ᠬᠠᠷᠠᠯ᠎ᠠ᠃ ᠬᠠᠪᠤᠷ ᠤᠨ ᠲᠠᠷᠢᠶᠠᠯᠠᠭ᠎ᠠ ᠶᠢᠨ ᠬᠡᠷᠡᠭᠰᠡᠯ ᠤᠨ ᠬᠡᠷᠡᠭᠴᠡᠭᠡ ᠶᠢ | ᠬᠠᠩᠭᠠᠬᠤ ᠶᠢᠨ ᠲᠤᠰᠠᠳᠠ᠂ ᠵᠢᠱᠢᠶ᠎ᠡ ᠦᠵᠡᠭᠦᠯᠭᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ | ᠡᠵᠡᠩᠨᠡᠨ ᠪᠣᠷᠣᠯᠠᠭᠤᠯᠬᠤ ᠡᠯ᠎ᠡ ᠳᠡᠯᠭᠡᠭᠦᠷ ᠤᠨ ᠬᠢᠨ ᠵᠢᠯ ᠤᠨ ᠡᠮᠦᠨ᠎ᠡ ᠠᠴᠠ ᠡᠬᠢᠯᠡᠨ ᠪᠠᠷᠠᠭᠠᠨ ᠤ ᠢᠷᠡᠯᠲᠡ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠲᠠᠷᠢᠶᠠᠯᠠᠩ ᠤᠨ ᠬᠡᠷᠡᠭᠰᠡᠯ ᠢ ᠨᠥᠭᠡᠴᠡᠯᠡᠬᠦ ᠪᠠ | ᠲᠣᠬᠢᠷᠠᠭᠤᠯᠬᠤ ᠠᠵᠢᠯ ᠢ ᠭᠠᠷᠳᠠᠨ ᠬᠢᠵᠦ᠂ ᠲᠤᠭ᠎ᠠ ᠬᠡᠮᠵᠢᠶ᠎ᠡ ᠪᠠ ᠲᠦᠷᠦᠯ ᠵᠦᠢᠯ ᠢ ᠪᠦᠭᠦ ᠲᠠᠯ᠎ᠠ ᠪᠠᠷ ᠪᠠᠲᠤᠯᠠᠨ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ ᠪᠠᠶᠢᠬᠤ ᠪᠠ ᠪᠣᠷᠤᠯᠠᠭᠤᠯᠭ᠎ᠠ | ᠪᠠᠲᠤᠯᠠᠭ᠎ᠠ ᠶᠢ ᠪᠠᠲᠤᠯᠠᠵᠤ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠭᠰᠠᠨ ᠪᠠᠶᠢᠨ᠎ᠠ | ᠃ ᠲᠤᠰ ᠦᠢᠯᠡᠴᠢᠯᠡᠭᠡᠨ ᠤ ᠬᠡᠯᠲᠡᠰ ᠤᠨ ᠡᠵᠡᠩᠨᠡᠭᠴᠢ ᠯᠢ ᠵᠦᠩ ᠱᠧᠩ᠂ ᠬᠠᠪᠤᠷ ᠤᠨ ᠲᠠᠷᠢᠶᠠᠯᠠᠭ᠎ᠠ ᠤᠳᠠᠯ ᠦᠭᠡᠢ | ᠬᠦᠷᠴᠦ ᠢᠷᠡᠨ᠎ᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠲᠠᠷᠢᠶᠠᠴᠢᠳ | ᠤᠯᠠᠮ ᠠᠴᠠ ᠤᠯᠠᠮ ᠣᠯᠠᠰᠢᠷᠠᠬᠤ ᠪᠣᠯᠬᠤᠷ ᠪᠢᠳᠠ 2000 ᠲᠤᠨ 20 ᠭᠠᠷᠤᠢ ᠲᠦᠷᠦᠯ ᠤᠨ ᠬᠢᠮᠢ ᠶᠢᠨ | ᠪᠣᠷᠳᠣᠭᠤᠷ᠂ 2000 ᠬᠤᠪᠢ ᠲᠠᠷᠢᠶᠠᠨ ᠦᠷ᠎ᠡ᠂ 20 ᠲᠤᠨ ᠰᠦᠯᠢᠶᠥᠦ ᠪᠦᠷᠬᠦᠪᠴᠢ ᠪᠠ 1000 ᠬᠤᠪᠢ | ᠲᠠᠷᠢᠶᠠᠨ ᠡᠮ ᠢ ᠨᠥᠭᠡᠴᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠨᠥᠭᠡᠴᠡ ᠬᠠᠩᠭᠠᠯᠭ᠎ᠠ ᠶᠢ ᠪᠠᠲᠤᠯᠠᠨ᠂ ᠲᠠᠷᠢᠶᠠᠴᠢᠨ | ᠡᠷᠦᠭᠡ ᠶᠢᠨ ︽ᠨᠢᠭᠡ ᠦᠷᠳᠡᠭᠡᠴᠢᠯᠡᠭᠰᠡᠨ ᠭᠡᠯᠪᠡᠷᠢ︾ ᠪᠠᠷ ᠬᠤᠳᠠᠯᠳᠤᠨ ᠠᠪᠬᠤ ᠳᠤ ᠲᠦᠭᠦᠮ ᠦᠵᠡᠭᠦᠯᠪᠡ ᠭᠡᠵᠦ | ᠪᠠᠶᠢᠯ᠎ᠠ᠃ | ᠮᠠᠨ ᠤ ᠠᠶᠢᠮᠠᠭ ᠤᠨ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠢᠳᠡᠪᠬᠢᠲᠡᠢ ᠵᠣᠬᠢᠴᠠᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠰᠡᠯ ᠢ ᠰᠢᠯᠵᠢᠭᠦᠯᠦᠨ ᠲᠡᠭᠡᠭᠡᠪᠦᠷᠢᠯᠡᠬᠦ᠂ | ᠨᠥᠭᠡᠴᠡᠯᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠥᠦ | ᠪᠦᠷᠬᠦᠪᠴᠢ᠂ ᠫᠧᠩ ᠰᠠᠷᠠᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠬᠠᠪᠤᠷ ᠤᠨ ᠲᠠᠷᠢᠶᠠᠯᠠᠭ᠎ᠠ ᠶᠢᠨ | ᠬᠡᠷᠡᠭᠰᠡᠯ ᠤᠨ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠬᠤ ᠠᠴᠠ ᠭᠠᠳᠠᠨ᠎ᠠ᠂ ᠲᠠᠷᠢᠮᠠᠯ ᠤᠨ ᠤᠷᠭᠤᠯᠲᠠ ᠶᠢ ᠬᠢᠨᠠᠨ | ᠬᠡᠮᠵᠢᠵᠦ ᠮᠥᠷᠳᠡᠬᠦ ᠶᠢ ᠴᠢᠩᠭᠠᠳᠬᠠᠵᠤ᠂ ᠦᠢᠯᠡᠳᠪᠦᠷᠢᠯᠡᠯ ᠤᠨ ᠤᠷ᠎ᠠ ᠴᠢᠳᠠᠪᠤᠷᠢ ᠪᠠᠷ ᠪᠠᠭᠤᠷᠠᠢ ᠲᠠᠷᠢᠶᠠᠴᠢᠨ | ᠡᠷᠦᠭᠡ ᠳᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠠᠴᠠ ᠭᠠᠳᠠᠨ᠎ᠠ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ᠂ ᠭᠠᠵᠠᠷ ᠰᠢᠷᠣᠢ ᠶᠢ ᠭᠦᠨ ᠰᠤᠯᠠᠷᠠᠭᠤᠯᠤᠨ ᠲᠡᠭᠰᠢᠯᠡᠬᠦ᠂ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠬᠤ ᠵᠡᠷᠭᠡ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠮᠡᠷᠭᠡᠵᠢᠯ ᠢ ᠠᠭᠤᠰᠤᠯᠴᠠᠭᠤᠯᠬᠤ ᠪᠦᠭᠦ | ᠶᠠᠪᠤᠴᠠ ᠳᠤ ᠮᠧᠬᠠᠨᠢᠭᠵᠢᠭᠤᠯᠤᠨ ᠠᠵᠢᠯᠯᠠᠬᠤ ᠶᠢ ᠲᠦᠯᠬᠢᠨ ᠠᠬᠢᠭᠤᠯᠵᠤ ᠪᠠᠶᠢᠨ᠎ᠠ᠃ ᠠᠶᠢᠮᠠᠭ ᠤᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠡᠳ᠋ ᠡᠷᠭᠢᠯᠡᠭᠴᠢ ᠵᠢᠷᠤᠮᠲᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠣᠳᠣᠬᠠᠨ ᠤ ᠬᠠᠮᠤᠭ ᠴᠢᠬᠤᠯᠠ᠂ ᠬᠠᠮᠤᠭ ᠪᠠᠴᠢᠮ ᠡᠭᠦᠷᠭᠡ ᠪᠣᠯᠬᠤᠷ᠂ | ᠪᠢᠳᠠ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠲᠠᠰᠤᠷᠠᠯᠲᠠ ᠦᠭᠡᠢ ᠪᠠᠲᠤᠯᠠᠬᠤ᠂ ᠪᠣᠷᠤᠯᠠᠭᠤᠯᠭ᠎ᠠ ᠶᠢ | ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠶᠢᠨ ᠬᠠᠮᠲᠤ᠂ ᠲᠠᠷᠢᠶᠠᠯᠠᠩ ᠤᠨ ᠬᠡᠷᠡᠭᠰᠡᠯ ᠤᠨ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠮᠠᠯᠴᠢᠨ ᠲᠠᠷᠢᠶᠠᠴᠢᠨ ᠳᠤ ᠰᠠᠨᠠᠭ᠎ᠠ ᠠᠮᠤᠷ ᠲᠠᠷᠢᠶᠠᠯᠠᠩ ᠤᠨ ᠬᠡᠷᠡᠭᠰᠡᠯ ᠬᠠᠩᠭᠠᠨ | ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ ᠪᠤᠢ ᠭᠡᠯᠡ᠃ | | ᠡᠨᠡ ᠵᠢᠯ ᠪᠦᠭᠦ ᠠᠶᠢᠮᠠᠭ ᠤᠨ ᠳᠠᠷᠢᠬᠤ ᠲᠠᠯᠠᠪᠠᠶ 50.5 ᠲᠦᠮᠡᠨ ᠮᠦ ᠳᠤ ᠬᠦᠷᠴᠦ᠂ ᠪᠦᠭᠦ | ᠠᠶᠢᠮᠠᠭ ᠤᠨ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠣᠷᠳᠣᠭᠤᠷ ᠤᠨ ᠶᠡᠷᠦᠩᠬᠡᠢ ᠬᠡᠮᠵᠢᠶ᠎ᠡ ᠪᠠᠷᠤᠭ 1.14 | ᠲᠦᠮᠡᠨ ᠲᠣᠨ ᠳᠤ ᠬᠦᠷᠴᠦ᠂ ᠣᠲᠣ ᠪᠤᠯᠲᠠᠯ᠎ᠠ ᠨᠢᠭᠡᠨᠲᠡ 0.11 ᠲᠦᠮᠡᠨ ᠲᠣᠨ ᠪᠣᠷᠳᠣᠭᠤᠷ ᠢ ᠨᠥᠭᠡᠴᠡᠯᠡᠵᠡᠢ᠃ | ᠦᠨ᠎ᠡ ᠬᠠᠩᠰᠢ ᠶᠢᠨ ᠲᠠᠯ᠎ᠠ ᠪᠠᠷ᠂ ᠰᠢᠭᠡᠰᠦᠯᠢᠭ ᠡᠳ᠋ ᠤᠨ ᠦᠨ᠎ᠡ ᠨᠢ ᠲᠣᠨ ᠪᠦᠷᠢ ᠳᠡᠭᠡᠨ 1700 ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26% ᠪᠠᠭᠤᠷᠠᠵᠠᠢ᠂ ᠬᠤᠶᠠᠷ ᠠᠮᠢᠨ ᠬᠦᠴᠢᠯ ᠤᠨ | ᠪᠣᠷᠳᠣᠭᠤᠷ ᠲᠣᠨ ᠪᠦᠷᠢ ᠳᠡᠭᠡᠨ 3700 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 5% ᠪᠠᠭᠤᠷᠠᠵᠠᠢ;ᠲᠠᠷᠢᠶᠠᠨ ᠡᠮ ᠤᠨ ᠲᠠᠯ᠎ᠠ ᠪᠠᠷ᠂ ᠬᠠᠪᠤᠷ ᠤᠨ ᠲᠠᠷᠢᠶᠠᠯᠠᠭ᠎ᠠ ᠶᠢᠨ ᠶᠡᠷᠦᠩᠬᠡᠢ ᠬᠡᠮᠵᠢᠶ᠎ᠡ | 61 ᠲᠣᠨ ᠳᠤ ᠬᠦᠷᠴᠦ᠂ ᠨᠢᠭᠡᠨᠲᠡ 5 ᠲᠣᠨ ᠲᠠᠷᠢᠶᠠᠨ ᠡᠮ ᠢ ᠨᠥᠭᠡᠴᠡᠯᠡᠨ᠂ ᠦᠨ᠎ᠡ ᠬᠠᠩᠰᠢ ᠶᠢᠨ ᠲᠠᠯ᠎ᠠ ᠪᠠᠷ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠳᠡᠮᠡᠢ ᠶᠡᠭᠡ ᠬᠤᠪᠢᠷᠠᠯᠲᠠ ᠦᠭᠡᠢ᠃ ᠰᠦᠯᠢᠶᠥᠦ ᠪᠦᠷᠬᠦᠪᠴᠢ ᠶᠢᠨ | ᠲᠠᠯ᠎ᠠ ᠪᠠᠷ᠂ ᠬᠠᠪᠤᠷ ᠤᠨ ᠲᠠᠷᠢᠶᠠᠯᠠᠭ᠎ᠠ ᠶᠢᠨ ᠶᠡᠷᠦᠩᠬᠡᠢ ᠬᠡᠮᠵᠢᠶ᠎ᠡ 147.6 ᠲᠣᠨ ᠳᠤ ᠬᠦᠷᠴᠦ᠂ ᠨᠢᠭᠡᠨᠲᠡ 5 ᠲᠣᠨ | ᠰᠦᠯᠢᠶᠥᠦ ᠪᠦᠷᠬᠦᠪᠴᠢ ᠶᠢ ᠨᠥᠭᠡᠴᠡᠯᠡᠨ᠂ ᠦᠨ᠎ᠡ ᠨᠢ ᠲᠤᠨ ᠪᠦᠷᠢ ᠳᠡᠭᠡᠨ 1 ᠲᠦᠮᠡᠨ ᠲᠥᠭᠦᠷᠢᠭ ᠲᠤ ᠬᠦᠷᠴᠦ᠂ | ᠲᠤᠨ ᠪᠦᠷᠢ ᠳᠡᠭᠡᠨ 100 ᠲᠥᠭᠦᠷᠢᠭ ᠥᠰᠴᠡᠢ᠃ ᠲᠠᠷᠢᠶᠠᠨ ᠦᠷ᠎ᠡ ᠶᠢᠨ ᠲᠠᠯ᠎ᠠ ᠪᠠᠷ᠂ ᠡᠷᠯᠢᠰᠡᠵᠢᠭᠦᠯᠦᠭᠰᠡᠨ | ᠡᠷᠳᠡᠨᠢ ᠰᠢᠰᠢ ᠶᠢᠨ ᠦᠷ᠎ᠡ ᠶᠢᠨ ᠶᠡᠷᠦᠩᠬᠡᠢ ᠬᠡᠮᠵᠢᠶ᠎ᠡ 974 ᠲᠣᠨ ᠳᠤ ᠬᠦᠷᠴᠦ᠂ ᠨᠢᠭᠡᠨᠲᠡ 40 ᠲᠣᠨ | ᠨᠥᠭᠡᠴᠡᠯᠡᠨ᠂ ᠤᠭᠤᠲᠠ ᠪᠦᠷᠢ ᠶᠢᠨ ᠦᠨ᠎ᠡ ᠨᠢ 80 ︱ 140 ᠲᠥᠭᠦᠷᠢᠭ ᠲᠤ ᠬᠦᠷᠴᠦ᠂ ᠨᠢᠳᠤᠨᠤᠨ ᠵᠢᠯ ᠤᠨ | ᠬᠢ ᠲᠠᠢ ᠦᠨᠳᠦᠰᠦᠨ ᠳᠡᠭᠡᠨ ᠲᠡᠩᠴᠡᠪᠡ;ᠪᠤᠭᠤᠳᠠᠢ ᠶᠢᠨ ᠦᠷ᠎ᠡ ᠶᠢᠨ ᠶᠡᠷᠦᠩᠬᠡᠢ ᠬᠡᠮᠵᠢᠶ᠎ᠡ 150 ᠲᠣᠨ ᠳᠤ | ᠬᠦᠷᠴᠦ᠂ ᠨᠢᠭᠡᠨᠲᠡ 5 ᠲᠣᠨ ᠨᠥᠭᠡᠴᠡᠯᠡᠵᠡᠢ᠃ ᠣᠳᠣᠬᠠᠨ ᠮᠠᠨ ᠤ ᠠᠶᠢᠮᠠᠭ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠪᠦᠷᠢᠮᠦᠰᠦᠨ ᠡᠬᠢᠯᠡᠭᠦᠯᠦᠭᠡᠳᠦᠢ ᠪᠣᠯᠬᠤᠷ᠂ ᠡᠯ᠎ᠡ ᠵᠦᠢᠯ ᠤᠨ | ᠲᠠᠷᠢᠶᠠᠯᠠᠩ ᠤᠨ ᠬᠡᠷᠡᠭᠰᠡᠯ ᠢ ᠮᠥᠨ ᠬᠦ ᠵᠠᠯᠭᠠᠭ᠎ᠠ ᠪᠠᠷ ᠰᠢᠯᠵᠢᠭᠦᠯᠦᠨ ᠣᠷᠣᠭᠤᠯᠵᠤ ᠪᠤᠶ᠂ ᠵᠢᠱᠢᠯᠲᠡ ᠪᠠᠷ 3 | ᠰᠠᠷ᠎ᠠ ᠶᠢᠨ ᠳᠤᠮᠳᠠᠴᠢ ᠠᠴᠠ ᠡᠬᠢᠯᠡᠨ ᠶᠡᠭᠡ ᠬᠡᠮᠵᠢᠶ᠎ᠡ ᠪᠠᠷ ᠰᠢᠯᠵᠢᠭᠦᠯᠦᠨ ᠣᠷᠣᠭᠤᠯᠵᠤ᠂ ᠬᠠᠪᠤᠷ ᠤᠨ | ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠲᠠᠶᠢᠯᠤᠨ᠎ᠠ ᠃ |