ᠮᠠᠨ ᠤ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠶᠢᠨ ᠲᠥᠯᠥᠭᠡᠯᠡᠭᠴᠢᠳ ᠤᠨ ᠠᠩᠭᠢ ᠪᠦᠭᠦ ᠣᠷᠣᠨ ᠤ ᠮᠥᠰᠥ ᠴᠠᠰᠤᠨ ᠤ ᠲᠠᠮᠢᠷ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2025/5/21
                   ᠰᠡᠴᠡᠨ︶ 2 ᠰᠠᠷ᠎ᠠ ᠶᠢᠨ 24 ᠤ ᠡᠳᠦᠷ᠂ ᠰᠤᠷᠪᠤᠯᠵᠢᠯᠠᠬᠴᠢ  ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ ᠪᠦᠭᠦ ᠣᠷᠣᠨ ᠤ ᠵᠡᠮᠳᠡᠭᠴᠦᠳ ᠤᠨ ᠮᠥᠰᠥ ᠴᠠᠰᠤᠨ ᠤ ᠲᠠᠮᠢᠷ ᠤᠨ ᠤᠷᠤᠯᠳᠤᠭᠠᠨ ᠳᠤ᠂ ᠮᠠᠨ ᠤ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠶᠢᠨ ᠲᠥᠯᠥᠭᠡᠯᠡᠭᠴᠢᠳ ᠤᠨ ᠠᠩᠭᠢ ᠨᠢᠭᠡ ᠬᠠᠮᠲᠤ ᠨᠢᠭᠡᠴᠢ ᠪᠣᠯᠣᠨ ᠨᠢᠭᠡ ᠬᠤᠪᠢ ᠬᠥᠮᠥᠨ ᠤ ᠰᠠᠶᠢᠨ ᠬᠢᠷᠢ ᠪᠦᠲᠦᠮᠵᠢ ᠶᠢ ᠣᠯᠵᠠᠢ᠃          2 ᠰᠠᠷ᠎ᠠ ᠶᠢᠨ 20 ᠤ ᠡᠳᠦᠷ᠂ ᠪᠦᠭᠦ ᠣᠷᠣᠨ ᠤ ᠠᠩᠬᠠᠳᠤᠭᠠᠷ ᠬᠤᠭᠤᠴᠠᠭᠠᠨ ᠤ ︽ᠤᠷᠮᠠᠰ ᠪᠢᠯᠬᠠᠮ᠎ᠠ ᠤᠮᠠᠷᠠᠲᠤ ᠬᠢᠯᠢ ᠶᠢ ᠵᠡᠮᠳᠡᠭᠴᠦᠳ ᠤᠨ ᠮᠥᠰᠥ ᠴᠠᠰᠤᠨ ᠤ ᠲᠠᠮᠢᠷ ᠤᠨ ᠤᠷᠤᠯᠳᠤᠭᠠᠨ︾ ᠬᠥᠯᠥᠨ ᠪᠤᠶᠢᠷ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠡᠷᠭᠢᠯᠡᠵᠡᠢ᠃᠂ ︽ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠬᠦ᠂ ᠡᠷᠡᠭᠦᠯ ᠵᠢᠷᠭᠠᠯ ᠢ ᠬᠠᠮᠲᠤᠪᠠᠷ ᠡᠳ᠋ᠯᠡᠬᠦ᠂ ᠨᠡᠶᠢᠲᠡ ᠶᠢᠨ ᠠᠰᠠᠷᠠᠮᠵᠢ ᠪᠠᠷ ᠵᠡᠮᠳᠡᠭᠴᠦᠳ ᠢ ᠲᠤᠰᠠᠯᠠᠬᠤ᠂ ᠭᠠᠷ ᠬᠤᠯᠪᠣᠨ ᠰᠡᠳᠬᠢᠯ ᠢᠶᠠᠨ ᠨᠢᠭᠡᠳᠬᠡᠬᠦ︾  ᠪᠠᠷ ᠭᠤᠣᠯ ᠰᠡᠳᠦᠪ ᠢᠶᠠᠨ ᠪᠤᠯᠭᠠᠬᠰᠠᠨ ᠪᠦᠭᠦ ᠤᠯᠤᠰ ᠤᠨ ᠴᠢᠨᠠᠷᠲᠠᠢ ᠵᠡᠮᠳᠡᠭᠴᠦᠳ ᠤᠨ ᠤᠯᠠᠨ ᠲᠦᠮᠡᠨ ᠤ ᠮᠥᠰᠥ ᠴᠠᠰᠤᠨ ᠤ ᠦᠪᠡᠳᠡᠭᠰᠢ ᠴᠤᠭᠯᠠᠭᠠᠨ ᠳᠤ ᠤᠯᠤᠰ ᠤᠨ ᠳᠣᠲᠣᠭᠠᠳᠤ ᠶᠢᠨ 18 ᠮᠤᠵᠢ ᠣᠷᠣᠨ ᠬᠤᠳᠠ ᠶᠢᠨ ᠵᠡᠮᠳᠡᠭ ᠲᠠᠮᠢᠷᠴᠢᠳ ᠪᠣᠯᠣᠨ ᠵᠡᠮᠳᠡᠭ ᠠᠵᠢᠯᠲᠠᠳ ᠤᠷᠤᠯᠴᠠᠬᠰᠠᠨ ᠮᠥᠰᠥ ᠴᠠᠰᠤᠨ ᠤ ᠦᠪᠡᠳᠡᠭᠰᠢ ᠴᠤᠭᠯᠠᠭᠠᠨ ᠪᠣᠯᠣᠯ᠎ᠠ᠃          ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠠᠴᠠ ᠤᠷᠤᠯᠳᠤᠭᠠᠨ ᠤ ᠠᠵᠢᠯ ᠢ ᠢᠳᠡᠪᠬᠢᠲᠡᠢ ᠪᠠᠶᠢᠷᠢᠯᠠᠭᠤᠯᠵᠤ᠂ 8 ᠲᠠᠮᠢᠷᠴᠢᠨ ᠢ ᠰᠣᠩᠭᠤᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠭᠤᠯᠵᠠᠢ᠃ ᠲᠡᠳᠡ ᠮᠥᠰᠥᠨ ᠳᠡᠭᠡᠷᠡᠬᠢ ᠯᠤᠤᠲᠤ ᠵᠠᠪᠢ ᠶᠢᠨ ᠤᠷᠤᠯᠳᠤᠭᠠᠨ᠂ ᠮᠥᠰᠥᠨ ᠲᠡᠷᠭᠡᠨ ᠤ ᠬᠤᠷᠳᠤᠴᠠ ᠶᠢᠨ ᠤᠷᠤᠯᠳᠤᠭᠠᠨ᠂ ᠴᠠᠰᠤᠨ ᠳᠡᠭᠡᠷᠡᠬᠢ ᠰᠣᠨᠢᠷᠬᠠᠯᠳᠤ ᠮᠥᠷᠥᠶᠢᠴᠡᠭᠡᠨ᠂ 3 ᠺᠢᠯᠣᠮᠧᠲᠷ ᠤᠨ ᠴᠠᠰᠤᠨ ᠳᠤ ᠠᠯᠬᠤᠬᠤ ᠵᠡᠷᠭᠡ ᠥᠷᠢᠰᠦᠯᠳᠦᠭᠡᠨᠲᠦ ᠴᠢᠨᠠᠷ ᠢᠶᠠᠷ ᠳᠦᠭᠦᠷᠡᠩ᠂ ᠤᠯᠠᠨ ᠲᠦᠷᠦᠯ ᠤᠨ ᠤᠷᠤᠯᠳᠤᠭᠠᠨ ᠳᠤ ᠣᠷᠣᠯᠴᠠᠪᠠ᠃          ᠲᠤᠰ ᠤᠳᠠᠭᠠᠨ ᠤ ᠤᠷᠤᠯᠳᠤᠭᠠᠨ ᠳᠤ ᠮᠠᠨ ᠤ ᠠᠶᠢᠮᠠᠭ ᠤᠨ ᠲᠠᠮᠢᠷᠴᠢᠳ ᠶᠡᠷᠦ ᠪᠤᠰᠤ ᠶᠢᠨ ᠰᠥᠰᠥ ᠵᠣᠷᠢᠭ ᠪᠣᠯᠣᠨ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠪᠠᠨ ᠢᠯᠡᠷᠡᠭᠦᠯᠵᠦ᠂ ᠮᠥᠰᠥᠨ ᠳᠡᠭᠡᠷᠡᠬᠢ ᠯᠤᠤᠲᠤ ᠣᠩᠭᠤᠴᠠᠨ ᠤ ᠤᠷᠤᠯᠳᠤᠭᠠᠨ ᠤ ᠵᠦᠢᠯ ᠳᠤ ᠨᠢᠭᠡᠳᠦᠭᠡᠷ ᠲᠡᠰ ᠤᠨ ᠱᠠᠩᠨᠠᠯ ᠲᠤᠰᠴᠡᠢ᠃ ᠡᠭᠦᠨ ᠠᠴᠠ ᠭᠠᠳᠠᠨ᠎ᠠ ᠲᠠᠮᠢᠷᠴᠢᠨ ᠴᠦᠨ ᠬᠤᠸᠠ ᠶᠢᠩ ᠪᠢᠯᠡᠭᠦᠦ ᠴᠣᠬᠢᠬᠤ ᠤᠷᠤᠯᠳᠤᠭᠠᠨ ᠳᠤ  ᠳᠣᠯᠣᠳᠤᠭᠠᠷ ᠪᠠᠶᠢᠷᠢᠨ ᠤ ᠰᠠᠶᠢᠨ ᠬᠢᠷᠢ ᠪᠦᠲᠦᠮᠵᠢ ᠶᠢ ᠣᠯᠣᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号