| | ᠨᠢᠭᠡ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ | ᠳᠠᠭᠠᠭᠠᠴᠢᠯᠠᠭᠤᠯᠬᠤ ᠶᠢᠨ ᠤᠬᠠᠭᠳᠠᠬᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ | ᠳᠠᠭᠠᠭᠠᠴᠢᠯᠠᠭᠤᠯᠬᠤ ᠪᠣᠯ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠤᠨ | ᠠᠰᠢᠭᠯᠠᠬᠤ ᠨᠢᠭᠡᠨ ᠭᠡᠯᠪᠡᠷᠢ ᠪᠣᠯᠣᠨ᠎ᠠ᠂ ᠳᠠᠷᠤᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ︵ᠭᠠᠴᠠᠭ᠎ᠠ ᠲᠤᠰᠬᠤᠨ ᠢ ᠵᠢᠭᠠᠵᠤ ᠪᠤᠢ︶ ᠶᠢᠨ ᠳᠣᠲᠣᠭᠠᠳᠤ ᠳᠠᠭᠠᠨ ᠨᠤᠲᠤᠭ | ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠢ | ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠤᠭᠤᠴᠠᠭᠠᠨ ᠤ ᠳᠣᠲᠣᠷ᠎ᠠ | ᠮᠠᠯᠴᠢᠨ ᠲᠠᠷᠢᠶᠠᠴᠢᠨ ᠡᠷᠦᠭᠡ ᠨᠦᠭᠦᠳ ᠤᠨ ᠬᠤᠭᠤᠷᠣᠨᠳᠤ ᠪᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ | ᠡᠷᠬᠡ ᠪᠠᠨ ᠦᠨ᠎ᠡ ᠲᠥᠯᠥᠪᠦᠷᠢ ᠲᠠᠢ ᠪᠠᠷ ᠬᠡᠷᠡᠭᠯᠡᠭᠦᠯᠬᠦ ᠶᠢ ᠵᠢᠭᠠᠵᠤ ᠪᠤᠢ᠃ ᠬᠤᠶᠠᠷ᠂ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠶᠢᠨ ᠤᠬᠠᠭᠳᠠᠬᠤᠨ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠪᠣᠯ ᠮᠥᠨ ᠴᠦ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢ ᠡᠷᠭᠢᠯᠲᠡ ᠳᠤ ᠣᠷᠣᠭᠤᠯᠤᠨ ᠠᠰᠢᠭᠯᠠᠬᠤ ᠨᠢᠭᠡᠨ ᠭᠡᠯᠪᠡᠷᠢ ᠪᠣᠯᠣᠨ᠎ᠠ᠂ ᠳᠠᠷᠤᠢ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ᠭᠠᠴᠠᠭ᠎ᠠ ᠲᠤᠰᠬᠤᠨ ᠢ ᠵᠢᠭᠠᠵᠤ ᠪᠤᠢ︶ | ᠶᠢᠨ ᠮᠠᠯᠴᠢᠨ ᠲᠠᠷᠢᠶᠠᠴᠢᠨ ᠡᠷᠦᠭᠡ ᠨᠢ ᠲᠡᠭᠦᠨ ᠤ ᠬᠠᠤᠯᠢ ᠶᠣᠰᠣᠭᠠᠷ ᠭᠠᠴᠠᠭᠠᠨ ᠠᠴᠠ ᠪᠠᠨ ᠳᠠᠭᠠᠭᠠᠴᠢᠯᠠᠨ | ᠡᠵᠡᠩᠨᠡᠵᠦ ᠪᠠᠶᠢᠭ᠎ᠠ ᠨᠤᠲᠤᠭ ᠪᠡᠯᠴᠢᠭᠡᠷ ᠤᠨ ᠢᠶᠠᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠪᠠᠨ | ᠪᠦᠭᠦᠨ ᠢ ᠪᠤᠰᠤᠳ ᠲᠤ ᠰᠢᠯᠵᠢᠭᠦᠯᠦᠨ ᠥᠭᠬᠦ ᠶᠢ ᠵᠢᠭᠠᠵᠤ ᠪᠤᠢ᠃ ᠭᠤᠷᠪᠠ᠂ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠳᠠᠭᠠᠭᠠᠴᠢᠯᠠᠭᠤᠯᠬᠤ ᠬᠢᠭᠡᠳ ᠰᠢᠯᠵᠢᠭᠦᠯᠦᠨ ᠥᠭᠬᠦ ᠶᠢᠨ ᠢᠯᠭᠠᠭ᠎ᠠ | ︵ᠨᠢᠭᠡ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠳᠤ ᠣᠷᠤᠯᠴᠠᠬᠰᠠᠨ ᠡᠷᠬᠡ ᠨᠢ | ᠠᠳᠠᠯᠢ ᠦᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ | ᠳᠠᠭᠠᠭᠠᠴᠢᠯᠠᠭᠤᠯᠬᠤ ᠳᠤ᠂ ᠡᠷᠭᠢᠯᠲᠡ ᠳᠤ ᠣᠷᠤᠯᠴᠠᠬᠰᠠᠨ ᠡᠷᠬᠡ ᠨᠢ ᠵᠦᠪᠭᠡᠨ ᠡᠵᠡᠩᠨᠡᠯᠲᠡ ᠶᠢᠨ ᠡᠷᠬᠡ ᠪᠤᠯᠤᠨ᠎ᠠ; | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠳᠤ᠂ ᠡᠷᠭᠢᠯᠲᠡ ᠳᠤ | ᠣᠷᠤᠯᠴᠠᠬᠰᠠᠨ ᠡᠷᠬᠡ ᠨᠢ ᠬᠠᠷᠢᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠪᠣᠯᠣᠨ᠎ᠠ᠃ ︵ᠬᠤᠶᠠᠷ | ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠬᠠᠤᠯᠢ ᠴᠠᠭᠠᠵᠠ ᠶᠢᠨ | ᠬᠠᠷᠢᠴᠠᠭᠠᠨ ᠤ ᠬᠤᠪᠢᠷᠠᠯᠲᠠ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ | ᠰᠢᠯᠵᠢᠭᠦᠯᠦᠨ ᠳᠠᠭᠠᠭᠠᠴᠢᠯᠠᠭᠤᠯᠬᠤ ᠳᠤ᠂ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠠᠤᠯᠢ | ᠴᠠᠭᠠᠵᠠ ᠶᠢᠨ ᠬᠠᠷᠢᠴᠠᠭ᠎ᠠ ᠨᠢ ᠬᠤᠪᠢᠷᠠᠬᠤ ᠦᠭᠡᠢ;ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ | ᠰᠢᠯᠵᠢᠭᠦᠯᠦᠨ ᠥᠭᠬᠦ ᠳᠤ᠂ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ | ᠬᠠᠷᠢᠴᠠᠭ᠎ᠠ ᠶᠢ ᠤᠰᠠᠳᠬᠠᠵᠤ᠂ ᠰᠢᠨ᠎ᠡ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ ᠪᠤᠢ ᠪᠣᠯᠭᠠᠨ᠎ᠠ | ᠃ ︵ᠭᠤᠷᠪᠠ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠬᠦᠷᠢᠶ᠎ᠡ ᠬᠡᠪᠴᠢᠶ᠎ᠡ | ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ | ᠳᠠᠭᠠᠭᠠᠴᠢᠯᠠᠭᠤᠯᠬᠤ ᠨᠢ᠂ ᠵᠦᠪᠭᠡᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠳᠣᠲᠣᠭᠠᠳᠤ ᠳᠠᠬᠢ ᠮᠠᠯᠴᠢᠨ ᠲᠠᠷᠢᠶᠠᠴᠢᠨ ᠡᠷᠦᠭᠡ ᠨᠦᠭᠦᠳ ᠤᠨ ᠬᠤᠭᠤᠷᠣᠨᠳᠤ ᠯᠡ | ᠶᠠᠪᠤᠬᠳᠠᠳᠠᠭ;ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠨᠢ᠂ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠠᠬᠢ ᠮᠠᠯᠴᠢᠨ | ᠲᠠᠷᠢᠶᠠᠴᠢᠨ ᠡᠷᠦᠭᠡ ᠨᠦᠭᠦᠳ ᠤᠨ ᠬᠤᠭᠤᠷᠣᠨᠳᠤ ᠶᠠᠪᠤᠭᠳᠠᠵᠤ ᠪᠤᠯᠬᠤ ᠪᠠᠷ ᠪᠠᠷᠠᠬᠤ ᠦᠭᠡᠢ᠂ ᠪᠠᠰᠠ ᠲᠤᠰ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠭᠠᠳᠠᠨᠠᠬᠢ ᠮᠠᠯ ᠠᠵᠤ ᠠᠬᠤᠢ ᠲᠠᠷᠢᠶᠠᠯᠠᠩ | ᠦᠢᠯᠡᠳᠪᠦᠷᠢᠯᠡᠯ ᠤᠨ ᠡᠵᠡᠩᠨᠡᠯᠲᠡ ᠬᠢᠬᠦ ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠡᠷᠦᠭᠡ ᠳᠤ ᠰᠢᠯᠵᠢᠭᠦᠯᠦᠨ | ᠥᠭᠴᠦ ᠪᠣᠯᠣᠨ᠎ᠠ᠂ ᠭᠡᠪᠡᠴᠦ ᠡᠷᠬᠡᠪᠰᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠭᠦ | ᠠᠷᠠᠳ ᠤᠨ ᠶᠡᠭᠡ ᠬᠤᠷᠠᠯ ᠢᠶᠠᠷ ᠳᠠᠮᠵᠢᠨ ᠵᠥᠪᠰᠢᠶᠡᠷᠡᠬᠦ ᠡᠰᠡᠬᠦ ᠶᠢᠨ ᠲᠤᠬᠠᠢ ᠬᠤᠷᠠᠯ ᠤᠨ ᠰᠢᠢᠳᠪᠦᠷᠢ ᠭᠠᠷᠭᠠᠭᠰᠠᠨ ᠤ | ᠳᠠᠷᠠᠭ᠎ᠠ ᠰᠠᠶ᠋ᠢ ᠰᠢᠯᠵᠢᠭᠦᠯᠦᠨ ᠥᠭᠴᠦ ᠪᠣᠯᠣᠨ᠎ᠠ᠃ ︵ᠳᠥᠷᠪᠡ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠡᠷᠭᠢᠯᠲᠡ ᠶᠢᠨ ᠵᠢᠷᠤᠮ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ | ᠰᠢᠯᠵᠢᠭᠦᠯᠦᠨ ᠳᠠᠭᠠᠭᠠᠴᠢᠯᠠᠭᠤᠯᠬᠤ ᠳᠤ᠂ ᠵᠢᠷᠤᠮ ᠤᠨ ᠲᠠᠯ᠎ᠠ ᠪᠠᠷ ᠨᠤᠲᠤᠭ ᠪᠡᠯᠴᠢᠭᠡᠷ ᠤᠨ ᠤᠤᠯ ᠤᠨ | ᠳᠠᠭᠠᠭᠠᠴᠢᠯᠠᠭᠤᠯᠤᠭᠴᠢ ︵ᠭᠠᠴᠠᠭᠠᠨ ᠤ ᠠᠷᠠᠳ ᠤᠨ ᠵᠥᠪᠯᠡᠯ︶ ᠶᠢᠨ ᠵᠥᠪᠰᠢᠶᠡᠷᠡᠯ ᠢ ᠳᠠᠮᠵᠢᠬᠤ ᠴᠢᠬᠤᠯᠠ ᠦᠭᠡᠢ᠂ | ᠭᠡᠪᠡᠴᠦ ᠬᠤᠶᠠᠷ ᠲᠠᠯ᠎ᠠ ᠪᠠᠷ ᠢᠶᠠᠨ ᠲᠣᠭᠲᠠᠭᠰᠠᠨ ᠰᠢᠯᠵᠢᠭᠦᠯᠦᠨ ᠳᠠᠭᠠᠭᠠᠴᠢᠯᠠᠭᠤᠯᠤᠭᠰᠠᠨ ᠭᠡᠷ᠎ᠡ ᠪᠠᠨ ᠭᠠᠴᠠᠭᠠᠨ ᠤ | ᠠᠷᠠᠳ ᠤᠨ ᠵᠥᠪᠯᠡᠯ ᠳᠤ ᠮᠡᠳᠡᠭᠳᠡᠵᠦ ᠲᠡᠮᠳᠡᠭᠯᠡᠨ ᠳᠠᠩᠰᠠᠯᠠᠭᠤᠯᠪᠠᠯ ᠪᠤᠯᠴᠢᠬᠠᠨ᠎ᠠ;ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠳᠤ᠂ ᠨᠥᠬᠦᠴᠡᠯ ᠳᠤ ᠨᠡᠶᠢᠴᠡᠭᠰᠡᠨ ᠮᠠᠯᠴᠢᠨ ᠲᠠᠷᠢᠶᠠᠴᠢᠨ | ᠡᠷᠦᠭᠡ ᠨᠢ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠭᠤᠯᠤᠭᠴᠢ ᠳᠠᠭᠠᠨ ᠨᠤᠲᠤᠭ ᠪᠡᠯᠴᠢᠭᠡᠷ ᠤᠨ ᠢᠶᠠᠨ | ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠭᠤᠶᠤᠴᠢᠯᠠᠯ ᠳᠡᠪᠰᠢᠭᠦᠯᠵᠦ᠂ ᠭᠠᠴᠠᠭᠠᠨ ᠤ ᠠᠷᠠᠳ ᠤᠨ | ᠵᠥᠪᠯᠡᠯ ᠤᠨ ᠵᠥᠪᠰᠢᠶᠡᠷᠡᠯ ᠢ ᠣᠯᠣᠭᠰᠠᠨ ᠤ ᠳᠠᠷᠠᠭ᠎ᠠ ᠰᠠᠶ᠋ᠢ ᠰᠢᠯᠵᠢᠭᠦᠯᠦᠨ ᠥᠭᠴᠦ ᠪᠤᠯᠤᠨ᠎ᠠ;ᠬᠡᠷᠪᠡ ᠲᠤᠰ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠭᠠᠳᠠᠨᠠᠬᠢ ᠮᠠᠯ ᠠᠵᠤ ᠠᠬᠤᠢ ᠲᠠᠷᠢᠶᠠᠯᠠᠩ | ᠦᠢᠯᠡᠳᠪᠦᠷᠢᠯᠡᠯ ᠤᠨ ᠡᠵᠡᠩᠨᠡᠯᠲᠡ ᠬᠢᠬᠦ ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠡᠷᠦᠭᠡ ᠳᠤ ᠰᠢᠯᠵᠢᠭᠦᠯᠦᠨ | ᠥᠭᠬᠦ ᠳᠤ ᠭᠦᠷᠪᠡᠯ ᠡᠷᠬᠡᠪᠰᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠭᠦ | ᠠᠷᠠᠳ ᠤᠨ ᠶᠡᠭᠡ ᠬᠤᠷᠠᠯ ᠵᠠᠷ ᠳᠠᠮᠵᠢᠨ ᠵᠥᠪᠰᠢᠶᠡᠷᠡᠬᠦ ᠡᠰᠡᠬᠦ ᠶᠢᠨ ᠲᠤᠬᠠᠢ ᠬᠤᠷᠠᠯ ᠤᠨ ᠰᠢᠢᠳᠪᠦᠷᠢ ᠭᠠᠷᠭᠠᠭᠰᠠᠨ ᠤ | ᠳᠠᠷᠠᠭ᠎ᠠ ᠰᠠᠶ᠋ᠢ ᠰᠢᠯᠵᠢᠭᠦᠯᠦᠨ ᠥᠭᠴᠦ ᠪᠣᠯᠣᠨ᠎ᠠ᠃ ︵ᠲᠠᠪᠤ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠡᠷᠭᠢᠯᠲᠡ ᠶᠢᠨ ᠱᠠᠭᠠᠷᠳᠠᠬᠤ ᠨᠥᠬᠦᠴᠡᠯ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢ ᠰᠢᠯᠵᠢᠭᠦᠯᠦᠨ ᠳᠠᠭᠠᠭᠠᠴᠢᠯᠠᠭᠤᠯᠬᠤ ᠳᠤ᠂ ᠣᠨᠴᠠᠭᠠᠢ ᠨᠥᠬᠦᠴᠡᠯ ᠱᠠᠭᠠᠷᠳᠠᠯᠭ᠎ᠠ ᠭᠡᠵᠦ ᠦᠭᠡᠢ; | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠳᠤ᠂ ᠮᠠᠯᠴᠢᠨ ᠲᠠᠷᠢᠶᠠᠴᠢᠨ | ᠡᠷᠦᠭᠡ ᠨᠢ ᠨᠡᠯᠢᠶᠡᠳ ᠲᠣᠭᠲᠠᠭᠤᠨ ᠮᠠᠯ ᠲᠠᠷᠢᠶᠠᠯᠠᠩ ᠤᠨ ᠣᠷᠣᠯᠭ᠎ᠠ ᠶᠢᠨ ᠢᠷᠡᠯᠲᠡ ᠲᠠᠢ ᠪᠤᠶᠤ ᠪᠤᠰᠤᠳ | ᠲᠣᠭᠲᠠᠭᠤᠨ ᠠᠵᠤ ᠠᠬᠤᠢ ᠶᠢᠨ ᠣᠷᠤᠯᠭ᠎ᠠ ᠶᠢᠨ ᠢᠷᠡᠯᠲᠡ ᠲᠠᠢ ᠪᠣᠯᠤᠭᠰᠠᠨ ᠪᠠᠶᠢᠳᠠᠯ ᠳᠣᠣᠷ᠎ᠠ᠂ ᠲᠡᠭᠦᠨ ᠤ | ᠳᠠᠭᠠᠭᠠᠴᠢᠯᠠᠨ ᠡᠵᠡᠩᠨᠡᠵᠦ ᠪᠠᠶᠢᠭ᠎ᠠ ᠨᠤᠲᠤᠭ ᠪᠡᠯᠴᠢᠭᠡᠷ ᠤᠨ ᠢᠶᠠᠨ ᠳᠠᠭᠠᠭᠠᠴᠢᠯᠠᠨ ᠡᠵᠡᠩᠨᠡᠬᠦ ᠡᠷᠬᠡ ᠶᠢ ᠪᠤᠰᠤᠳ ᠲᠤ | ᠰᠢᠯᠵᠢᠭᠦᠯᠦᠨ ᠥᠭᠴᠦ ᠪᠤᠯᠬᠤ ᠤᠷᠢᠳᠠᠴᠢ ᠨᠥᠬᠦᠴᠡᠯ ᠢ ᠱᠠᠭᠠᠷᠳᠠᠨ᠎ᠠ᠃ |