| | | ● ᠳᠠᠪᠰᠢᠯᠲᠤ | ᠨᠡᠶᠢᠭᠡᠮ ᠤᠨ ᠬᠥᠭᠵᠢᠯᠲᠡ ᠶᠢ ᠳᠠᠭᠠᠯᠳᠤᠨ ᠣᠶᠤᠨᠴᠢᠯᠠᠭᠰᠠᠨ ᠲᠤᠨᠤᠭ ᠲᠥᠬᠦᠭᠡᠷᠦᠮᠵᠢ ᠬᠥᠮᠥᠰ ᠤᠨ | ᠠᠮᠢᠳᠤᠷᠠᠯ ᠳᠤ ᠲᠤᠩ ᠲᠥᠭᠦᠮ ᠨᠥᠬᠦᠴᠡᠯ ᠢ ᠬᠠᠩᠭᠠᠵᠤ᠂ ᠣᠶᠤᠨᠴᠢᠯᠠᠭᠰᠠᠨ ᠭᠡᠷ ᠤᠨ ᠬᠡᠷᠡᠭᠰᠡᠯ᠂ ᠣᠶᠤᠨᠴᠢᠯᠠᠭᠰᠠᠨ | ᠡᠮᠨᠡᠯᠭᠡ ᠶᠢᠨ ᠬᠡᠷᠡᠭᠰᠡᠯ᠂ ᠣᠶᠤᠨᠴᠢᠯᠠᠭᠰᠠᠨ ᠤᠯᠠᠨ ᠨᠡᠶᠢᠳᠡ ᠶᠢᠨ ᠬᠡᠷᠡᠭᠯᠡᠭᠡᠨ ᠤ ᠰᠢᠰᠲ᠋ᠧᠮ ᠮᠡᠲᠦ ᠪᠠᠷ ᠮᠠᠰᠢ ᠤᠯᠠᠨ | ᠵᠦᠢᠯ ᠤᠨ ᠣᠶᠤᠨᠴᠢᠯᠠᠭᠰᠠᠨ ᠵᠦᠢᠯᠡᠰ ᠪᠢᠳᠠᠨ ᠤ ᠠᠮᠢᠳᠤᠷᠠᠯ ᠳᠤᠮᠳᠠ ᠢᠯᠡᠷᠡᠨ ᠨᠡᠶᠢᠭᠡᠮ ᠤᠨ ᠬᠥᠭᠵᠢᠯ ᠢ | ᠠᠬᠢᠭᠤᠯᠵᠤ ᠪᠤᠢ᠃ ᠡᠶᠢᠮᠦᠷᠬᠦᠦ ᠲᠥᠭᠦᠮ ᠮᠥᠷᠲᠡᠭᠡᠨ ᠣᠶᠤᠨᠴᠢ ᠠᠮᠢᠳᠤᠷᠠᠯ ᠳᠤ ᠬᠥᠮᠥᠰ ᠨᠢᠭᠡᠨᠲᠡ ᠲᠠᠰᠴᠠᠢ᠃ | ᠲᠡᠭᠡᠪᠡᠯ ᠡᠨᠡ ᠬᠦ ᠠᠮᠢᠳᠤᠷᠠᠯ ᠨᠢ ᠨᠠᠰᠤ ᠠᠬᠢᠭᠰᠠᠨ᠂ ᠬᠠᠷᠠᠭ᠎ᠠ ᠮᠠᠭᠤᠳᠠᠭᠰᠠᠨ᠂ ᠡᠰᠡᠬᠦᠯ᠎ᠡ ᠥᠰᠥᠭ ᠪᠢᠴᠢᠭ ᠲᠠᠨᠢᠬᠤ | ᠦᠭᠡᠢ ᠨᠠᠰᠤᠲᠠᠶᠢᠴᠤᠤᠯ ᠳᠤ ᠴᠣᠬᠤᠮ ᠶᠠᠭᠤ ᠠᠪᠴᠢᠷᠠᠪᠠ︖ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠰᠠᠭᠤᠭᠠᠯᠢ ᠠᠷᠠᠳ ᠰᠡᠩᠭᠡ ᠶᠢᠨ ᠬᠡᠯᠡᠬᠦ ᠪᠠᠷ | ᠂ ᠨᠢᠭᠡ ᠣᠷᠣᠢ ᠪᠠᠭ᠎ᠠ ᠰᠠᠭ᠎ᠠ ᠶᠠᠭᠤᠮ᠎ᠠ ᠬᠤᠳᠠᠯᠳᠤᠵᠤ ᠠᠪᠬᠤ ᠪᠠᠷ ᠬᠤᠷᠰᠢᠶᠠᠨ ᠳᠤ ᠣᠷᠣᠯ᠎ᠠ᠃ ᠬᠤᠷᠰᠢᠶᠠᠨ ᠳᠤ | ᠶᠠᠭᠠᠬᠢᠵᠤ ᠣᠷᠣᠭᠰᠠᠨ ᠢᠶᠠᠨ ᠪᠤᠤ ᠮᠡᠳᠡ᠂ ᠣᠷᠣᠭᠠᠳ ᠣᠲᠣᠭᠰᠠᠨ ᠴᠢᠨᠢ ᠬᠤᠷᠰᠢᠶᠠᠨ ᠤ ᠡᠵᠡᠨ ᠨᠢ ᠪᠠᠶᠢᠬᠤ ᠦᠭᠡᠢ | ᠪᠠᠶᠢᠪᠠ᠃ ᠡᠵᠡᠨ ᠨᠢ ᠪᠠᠶᠢᠬᠤ ᠦᠭᠡᠢ ᠪᠠᠶᠢᠲᠠᠯ᠎ᠠ ᠪᠠᠨ ᠴᠠᠭᠠᠨ᠎ᠠ ᠠᠴᠠ ᠬᠥᠮᠥᠨ ᠦᠭᠡ ᠶᠠᠷᠢᠵᠤ ᠪᠠᠶᠢᠨ᠎ᠠ᠂ ᠲᠡᠭᠡᠭᠡᠳ | ᠰᠣᠴᠢᠬᠤ ᠳᠠᠭᠠᠨ ᠬᠤᠷᠳᠤᠨ ᠬᠤᠷᠰᠢᠶᠠᠨ ᠠᠴᠠ ᠭᠠᠷᠤᠶ᠎ᠠ ᠭᠡᠵᠦ ᠪᠤᠳᠤᠯ᠎ᠠ᠃ ᠪᠤᠴᠠᠭᠠᠳ ᠭᠠᠷᠤᠶ᠎ᠠ ᠭᠡᠬᠦᠯᠡᠷ | ᠬᠤᠷᠰᠢᠶᠠᠨ ᠤ ᠡᠭᠦᠳᠡ ᠨᠡᠭᠡᠭᠡᠭᠳᠡᠬᠦ ᠪᠠᠨ ᠪᠠᠶᠢᠴᠢᠬᠠᠪᠠ᠃ ᠬᠡᠰᠡᠭ ᠤᠷᠤᠯᠳᠤᠭᠠᠳ ᠨᠡᠭᠡᠭᠡᠵᠦ ᠴᠢᠳᠠᠭᠰᠠᠨ ᠦᠭᠡᠢ | ᠰᠠᠨᠳᠤᠷᠬᠤ ᠳᠠᠭᠠᠨ ᠬᠦᠦ ᠳᠡᠭᠡᠨ ᠤᠲᠠᠰᠤᠳᠠᠵᠤ ᠤᠴᠢᠷ ᠢᠶᠠᠨ ᠬᠡᠯᠡᠭᠡᠳ ᠬᠦᠦ ᠮᠢᠨᠢ ᠢᠷᠡᠵᠤ ᠨᠠᠳᠠ ᠶᠢ | ᠬᠤᠷᠰᠢᠶᠠᠨ ᠠᠴᠠ ᠭᠠᠷᠭᠠᠭᠰᠠᠨ ᠰᠢᠤ᠃ ᠤᠳᠤ ᠬᠤᠷᠰᠢᠶᠠᠨ ᠳᠤ ᠡᠵᠡᠨ ᠨᠢ ᠦᠭᠡᠢ ᠮᠥᠷᠲᠡᠭᠡᠨ ᠴᠠᠭᠢᠯᠭᠠᠨ | ᠳᠤᠷᠠᠨᠳᠠᠭᠤᠷ ᠢᠶᠠᠷ ᠬᠠᠷᠠᠵᠤ ᠪᠠᠶᠢᠭᠠᠳ ᠶᠠᠭᠤᠮ᠎ᠠ ᠪᠠᠨ ᠬᠤᠳᠠᠯᠳᠤᠳᠠᠭ ᠪᠣᠯᠵᠠᠢ᠃ ᠲᠠᠯᠠᠨ ᠨᠠᠰᠤ ᠭᠦᠷᠥᠭᠰᠡᠨ ᠪᠢᠳᠠᠨ | ᠥᠨᠥᠬᠢ ᠶᠢ ᠴᠢᠳᠠᠬᠤ ᠦᠭᠡᠢ ᠶᠤᠮ ᠪᠠᠶᠢᠨ᠎ᠠ᠃ ᠬᠤᠵᠢᠮ ᠭᠠᠭᠴᠠᠭᠠᠷ ᠢᠶᠠᠨ ᠵᠠᠬ᠎ᠠ ᠵᠡᠭᠡᠯᠢ ᠪᠠᠷ ᠶᠠᠪᠤᠵᠤ | ᠬᠤᠷᠰᠢᠶᠠᠨ ᠳᠤ ᠣᠷᠣᠬᠤ ᠳᠠᠭᠠᠨ ᠬᠢᠴᠢᠶᠡᠬᠦ ᠬᠡᠷᠡᠭᠲᠡᠢ ᠪᠠᠶᠢᠨ᠎ᠠ ᠭᠡᠵᠦ ᠨᠠᠰᠤᠲᠠᠨ ᠥᠪᠡᠷ ᠤᠨ ᠲᠣᠬᠢᠶᠠᠯᠳᠤᠭᠰᠠᠨ | ᠥᠯᠢᠭᠡᠷ ᠢᠶᠠᠨ ᠶᠠᠷᠢᠯ᠎ᠠ᠃ | ᠡᠶᠢᠮᠦᠷᠬᠦᠦ ᠶᠠᠪᠤᠳᠠᠯ ᠵᠥᠪᠭᠡᠨ ᠰᠡᠩᠭᠡ ᠨᠠᠰᠤᠲᠠᠨ ᠳᠤ ᠲᠣᠬᠢᠶᠠᠯᠳᠤᠵᠤ ᠪᠠᠶᠢᠭ᠎ᠠ ᠪᠢᠰᠢ ᠠᠵᠢ᠃ | ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠲᠤᠬᠯᠢ ᠭᠠᠴᠠᠭᠠᠨ ᠤ ᠮᠠᠯᠴᠢᠨ ᠲᠤᠶᠠᠭ᠎ᠠ᠄ ︽ᠨᠡᠶᠢᠭᠡᠮ ᠤᠨ | ᠬᠥᠭᠵᠢᠯᠲᠡ ᠦᠨᠡᠬᠡᠷ ᠲᠦᠷᠭᠡᠨ ᠪᠠᠶᠢᠨ᠎ᠠ᠂ ᠪᠠᠷᠤᠭ ᠶᠠᠭᠤᠮ᠎ᠠ ᠪᠦᠭᠦᠨ ᠮᠠᠰᠢᠨᠴᠢᠯᠠᠭᠰᠠᠨ᠂ ᠣᠶᠤᠨᠴᠢᠯᠠᠭᠰᠠᠨ ᠪᠠᠶᠢᠨ᠎ᠠ | ᠂ ᠰᠠᠶᠢᠬᠠᠨ ᠶᠠᠪᠤᠳᠠᠯ ᠠ᠋︕ ᠨᠠᠳᠠ ᠳᠤ ᠠᠪᠴᠤ ᠬᠡᠯᠡᠪᠡᠯ ᠪᠠᠩᠬᠢ ᠶᠢᠨ ᠵᠣᠭᠤᠰ ᠭᠠᠷᠭᠠᠵᠤ ᠠᠪᠬᠤ ᠠᠦ᠋ᠲ᠋ᠣ᠋ ᠮᠠᠰᠢᠨ | ᠳᠡᠭᠡᠷ᠎ᠡ ᠠᠴᠠ ᠵᠣᠭᠤᠰ ᠭᠠᠷᠭᠠᠵᠤ ᠠᠪᠬᠤ ᠨᠢ ᠬᠠᠮᠤᠭ ᠶᠡᠭᠡ ᠬᠦᠴᠢᠷᠲᠡᠢ ᠤᠴᠢᠷ ᠃ ᠥᠪᠡᠷ ᠢᠶᠠᠨ ᠥᠰᠥᠭ | ᠪᠢᠴᠢᠭ ᠲᠠᠨᠢᠬᠤ ᠦᠭᠡᠢ ᠤᠴᠢᠷ ᠠᠴᠠ ᠮᠠᠰᠢᠨ ᠳᠡᠭᠡᠷ᠎ᠡ ᠶᠠᠭᠤ ᠪᠢᠴᠢᠵᠦ ᠪᠠᠶᠢᠨ᠎ᠠ᠂ ᠠᠯᠢ ᠳᠠᠷᠤᠭᠤᠯ ᠢ ᠳᠠᠷᠤᠪᠠᠯ | ᠵᠣᠭᠤᠰ ᠭᠠᠷᠭᠠᠵᠤ ᠠᠪᠳᠠᠭ ᠢ ᠮᠡᠳᠡᠬᠦ ᠦᠭᠡᠢ ᠶᠤᠮ᠃ ᠵᠠᠪᠠᠯ ᠬᠥᠮᠥᠨ ᠳᠠᠭᠠᠭᠤᠯᠵᠤ ᠬᠦᠷᠬᠦ ᠬᠡᠷᠡᠭᠲᠡᠢ ᠪᠣᠯᠣᠭᠠᠳ | ᠪᠠᠶᠢᠨ᠎ᠠ᠃ ᠡᠰᠡᠬᠦᠯ᠎ᠡ ᠪᠠᠩᠬᠢ ᠶᠢᠨ ᠠᠵᠢᠯᠲᠠᠨ ᠤ ᠠᠵᠢᠯᠯᠠᠵᠤ ᠪᠠᠶᠢᠬᠤ ᠴᠠᠭ ᠲᠤ ᠬᠦᠷᠬᠦ ᠬᠡᠷᠡᠭᠲᠡᠢ᠃ ᠮᠢᠨᠤ | ᠬᠤᠪᠢ ᠳᠤ ᠡᠨᠡ ᠨᠢ ᠬᠠᠮᠤᠭ ᠤᠨ ᠲᠥᠭᠦᠮ ᠦᠭᠡᠢ ᠰᠠᠨᠠᠭᠳᠠᠳᠠᠭ︾ ᠭᠡᠵᠦ ᠪᠠᠶᠢᠯ᠎ᠠ᠃ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠰᠠᠭᠤᠭᠠᠯᠢ ᠠᠷᠠᠳ ᠰᠧᠭᠦᠤ ᠨᠠᠰᠤᠲᠠᠨ | ᠡᠩ ᠤᠨ ᠴᠠᠭ ᠲᠠᠭᠠᠨ ᠭᠠᠷ ᠤᠲᠠᠰᠤᠨ ᠳᠡᠭᠡᠷ᠎ᠡ ᠠᠴᠠ ᠤᠯᠠᠨ ᠵᠦᠢᠯ ᠤᠨ ᠣᠬᠤᠷ ᠸᠢᠳᠢᠤ᠋ ᠦᠵᠡᠵᠦ ᠵᠤᠭ᠎ᠠ | ᠪᠣᠯᠭᠠᠳᠠᠭ ᠃ ᠵᠠᠷᠢᠮ ᠮᠡᠳᠡᠭᠡ ᠵᠠᠩᠭᠢ᠂ ᠣᠬᠤᠷ ᠸᠢᠳᠢᠤ᠋ ᠶᠢ ᠦᠵᠡᠵᠦ ᠪᠠᠶᠢᠭᠠᠳ ᠰᠠᠨᠠᠮᠰᠠᠷ ᠦᠭᠡᠢ ᠪᠠᠷ ᠳᠠᠭᠠᠯᠳᠤᠨ | ᠡᠯᠭᠦᠭᠳᠡᠵᠦ ᠪᠠᠶᠢᠭ᠎ᠠ ᠪᠠᠷᠠᠭ᠎ᠠ ᠲᠠᠸᠠᠷ ᠪᠣᠷᠣᠯᠠᠭᠤᠯᠬᠤ ᠳᠠᠷᠤᠪᠴᠢ ᠶᠢ ᠨᠢ ᠳᠠᠷᠤᠴᠢᠬᠠᠭᠠᠳ ᠤᠯᠠᠨ ᠵᠦᠢᠯ ᠤᠨ ᠪᠠᠷᠠᠭ᠎ᠠ | ᠵᠠᠬᠢᠶᠠᠯᠠᠭᠳᠠᠨ ᠢᠷᠡᠭᠰᠡᠨ ᠮᠥᠷᠲᠡᠭᠡᠨ ᠭᠠᠷ ᠤᠲᠠᠰᠤᠨ ᠳᠤ ᠬᠠᠳᠠᠭᠠᠯᠠᠭᠳᠠᠵᠤ ᠪᠠᠶᠢᠭᠰᠠᠨ ᠪᠦᠭᠦ ᠮᠥᠩᠭᠦ ᠪᠠᠨ ᠵᠠᠷᠤᠵᠤ | ᠪᠠᠷᠠᠭᠰᠠᠨ ᠶᠠᠪᠤᠳᠠᠯ ᠭᠠᠷᠴᠤ ᠥᠩᠭᠡᠷᠡᠵᠡᠢ᠃ ᠶᠠᠷᠢᠶᠠᠨ ᠦᠭᠡᠢ ᠵᠣᠷᠢᠭᠤᠳᠠ ᠬᠢᠭᠰᠡᠨ ᠶᠠᠪᠤᠳᠠᠯ ᠪᠢᠰᠢ᠂ ᠬᠠᠷᠢᠨ ᠭᠠᠷ | ᠤᠲᠠᠰᠤᠨ ᠤ ᠮᠠᠰᠢ ᠤᠯᠠᠨ ᠰᠢᠰᠲ᠋ᠧᠮ ᠤᠨ ᠠᠦ᠋ᠲ᠋ᠣᠴᠢᠯᠠᠭᠰᠠᠨ ᠴᠢᠳᠠᠮᠵᠢ ᠠᠴᠠ ᠪᠣᠯᠤᠭᠰᠠᠨ ᠶᠤᠮ᠃ ᠡᠶᠢᠮᠦ ᠵᠢᠱᠢᠶ᠎ᠡ | ᠨᠠᠰᠤᠲᠠᠶᠢᠴᠤᠤᠯ ᠤᠨ ᠠᠮᠢᠳᠤᠷᠠᠯ ᠳᠤᠮᠳᠠ ᠴᠥᠭᠡᠨ ᠪᠤᠰᠤ ᠲᠣᠬᠢᠶᠠᠯᠳᠤᠵᠤ ᠪᠠᠶᠢᠭ᠎ᠠ ᠶᠤᠮ᠃ | ᠣᠶᠤᠨᠴᠢ ᠠᠮᠢᠳᠤᠷᠠᠯ ᠨᠢ ᠣᠯᠠᠩᠬᠢ ᠨᠠᠰᠤᠲᠠᠶᠢᠴᠤᠤᠯ ᠤᠨ ᠥᠳᠡᠯᠤᠭᠡ ᠨᠠᠰᠤᠨ ᠤ ᠠᠮᠢᠳᠤᠷᠠᠯ᠂ ᠪᠡᠶ᠎ᠡ | ᠰᠡᠳᠬᠢᠴᠡ ᠶᠢᠨ ᠡᠷᠡᠭᠦᠯ ᠮᠡᠨᠳᠤ᠂ ᠨᠡᠶᠢᠭᠡᠮ ᠤᠨ ᠬᠠᠷᠢᠯᠴᠠᠭᠠᠨ ᠤ ᠲᠠᠯ᠎ᠠ ᠪᠠᠷ ᠤᠯᠠᠨ ᠲᠠᠯ᠎ᠠ ᠶᠢᠨ ᠳᠠᠪᠠᠭᠤᠯᠢᠭ | ᠦᠢᠯᠡᠳᠦᠯ ᠢ ᠪᠠᠳᠠᠷᠠᠭᠤᠯᠵᠤ ᠪᠠᠶᠢᠭ᠎ᠠ ᠪᠤᠯᠪᠠᠴᠤ ᠬᠡᠰᠡᠭ ᠲᠣᠭᠠᠨ ᠤ ᠨᠠᠰᠤᠲᠠᠶᠢᠴᠤᠤᠯ ᠳᠤ ᠵᠣᠬᠢᠬᠤ ᠬᠡᠮᠵᠢᠶᠡᠨ ᠤ | ᠲᠥᠭᠦᠮ ᠪᠤᠰᠤ ᠪᠠᠶᠢᠳᠠᠯ ᠢ ᠪᠤᠢ ᠪᠤᠯᠭᠠᠬᠰᠠᠨ ᠪᠠᠶᠢᠨ᠎ᠠ᠃ ᠳᠠᠷᠤᠢ ᠨᠠᠰᠤᠲᠠᠶᠢᠴᠤᠤᠯ ᠤᠨ ᠰᠢᠨ᠎ᠡ ᠮᠡᠷᠭᠡᠵᠢᠯ ᠢ | ᠭᠥᠯᠢᠶᠡᠨ ᠠᠪᠬᠤ ᠴᠢᠳᠠᠪᠤᠷᠢ ᠬᠠᠷᠢᠴᠠᠩᠭᠤᠢ ᠪᠠᠭᠤᠷᠠᠢ ᠪᠠᠶᠢᠬᠤ᠂ ᠰᠢᠨᠡᠴᠢᠯᠡᠭᠰᠡᠨ ᠣᠶᠤᠨᠴᠢ ᠬᠡᠷᠡᠭᠯᠡᠭᠡᠨ ᠤ | ᠵᠦᠢᠯᠡᠰ ᠢ ᠠᠰᠢᠭᠯᠠᠨ ᠬᠡᠷᠡᠭᠯᠡᠬᠦ ᠳᠠᠳᠬᠠᠯ ᠦᠭᠡᠢ ᠪᠠᠶᠢᠬᠤ᠂ ᠪᠠᠰᠠ ᠵᠠᠷᠢᠮ ᠣᠯᠠᠨ ᠨᠡᠶᠢᠲᠡ ᠶᠢᠨ ᠦᠢᠯᠡᠴᠢᠯᠡᠭᠡᠨ ᠤ | ᠣᠶᠤᠨᠴᠢᠯᠠᠭᠰᠠᠨ ᠲᠥᠬᠦᠭᠡᠷᠦᠮᠵᠢ ᠨᠢ ᠨᠠᠰᠤᠲᠠᠶᠢᠴᠤᠤᠯ ᠤᠨ ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠭᠰᠠᠨ | ᠦᠭᠡᠢ ᠵᠡᠷᠭᠡ ᠰᠢᠯᠲᠠᠭᠠᠨ ᠠᠴᠠ ᠪᠣᠯᠤᠭᠰᠠᠨ ᠶᠤᠮ ᠤᠤ ᠭᠡᠵᠦ ᠬᠤᠪᠢᠨ ᠳᠠᠭᠠᠨ ᠪᠤᠳᠤᠨ᠎ᠠ᠃ ᠳᠡᠭᠡᠷᠡᠬᠢ ᠶᠢ | ᠬᠤᠷᠢᠶᠠᠩᠭᠤᠶᠢᠯᠠᠪᠠᠯ᠂ ᠣᠶᠤᠨᠴᠢ ᠠᠮᠢᠳᠤᠷᠠᠯ ᠨᠢ ᠨᠡᠶᠢᠭᠡᠮ ᠨᠡᠶᠢᠳᠡ ᠳᠤ ᠲᠥᠭᠦᠮ ᠨᠥᠬᠦᠴᠡᠯ ᠢ ᠠᠪᠴᠢᠷᠠᠭᠰᠠᠨ | ᠪᠤᠯᠪᠠᠴᠦ ᠬᠠᠷᠢᠨ ᠨᠠᠰᠤᠲᠠᠶᠢᠴᠤᠤᠯ ᠳᠤ ᠵᠣᠬᠢᠬᠤ ᠬᠡᠮᠵᠢᠶᠡᠨ ᠤ ᠳᠥᠭᠦᠮ ᠪᠤᠰᠤ ᠪᠠᠶᠢᠳᠠᠯ ᠢ ᠪᠤᠢ ᠪᠣᠯᠭᠠᠵᠠᠢ᠃ | ᠡᠶᠢᠮᠦ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠴᠢᠷᠮᠠᠶᠢᠵᠤ ᠪᠠᠶᠢᠭᠠᠳ ᠣᠶᠤᠨᠴᠢᠯᠠᠭᠰᠠᠨ | ᠦᠢᠯᠡᠳᠬᠦᠨ ᠪᠠ ᠦᠢᠯᠡᠴᠢᠯᠡᠭᠡ ᠪᠠᠨ ᠨᠠᠰᠤᠲᠠᠶᠢᠴᠤᠤᠯ ᠳᠤ ᠲᠣᠬᠢᠷᠠᠭᠤᠯᠬᠤ ᠪᠣᠯᠭᠠᠨ ᠥᠭᠡᠷᠡᠴᠢᠯᠡᠬᠦ ᠶᠢ ᠠᠬᠢᠭᠤᠯᠵᠤ | ᠂ ᠨᠠᠰᠤᠲᠠᠶᠢᠴᠤᠤᠯ ᠳᠤ ᠨᠠᠩ ᠳᠥᠭᠦᠮ ᠳᠥᠲᠡ᠂ ᠨᠠᠩ ᠳᠣᠲᠣᠨᠣ ᠦᠢᠯᠡᠴᠢᠯᠡᠭᠡ ᠬᠠᠩᠭᠠᠬᠤ ᠶᠢ ᠢᠯᠡᠭᠦᠴᠡ | ᠴᠢᠬᠤᠯᠠᠴᠢᠯᠠᠬᠤ ᠬᠡᠷᠡᠭᠲᠡᠢ ᠪᠣᠯᠣᠭᠠᠳ ᠪᠠᠶᠢᠨ᠎ᠠ᠃ | |