ᠬᠤᠳᠠ ᠳᠤ ᠣᠷᠣᠵᠤ ᠦᠢᠯᠡᠰ ᠪᠣᠰᠬᠠᠭᠰᠠᠨ ᠲᠠᠷᠢᠶᠠᠴᠢᠨ ᠮᠠᠤ ᠲᠦᠮᠡᠨ
ᠨᠡᠶᠢᠲᠡᠯᠡᠭᠰᠡᠨ ᠴᠠᠭ᠄
2025/5/22
                     ᠰᠤᠷᠪᠤᠯᠵᠢᠯᠠᠬᠴᠢ ᠡᠷᠳᠡᠨᠢᠴᠡᠴᠡᠭ          ᠪᠠᠶᠠᠨᠬᠤᠲᠠ ᠶᠢᠨ ᠰᠢᠨ᠎ᠡ ᠡᠷᠡᠨ ᠠᠭᠤᠳᠠᠮ ᠲᠠᠯᠠᠪᠠᠢ ᠶᠢᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠭ᠎ᠠ ︽ᠠ ᠮᠠᠤ ᠬᠠᠯᠠᠭᠤᠨ ᠲᠣᠭᠤᠭ᠎ᠠ︾ ᠬᠤᠭᠤᠯᠠᠨ ᠭᠡᠷ ᠨᠢ ᠪᠡᠯᠴᠢᠭᠡᠷ ᠤᠨ ᠮᠠᠯ ᠤᠨ ᠮᠢᠬ᠎ᠠ ᠬᠡᠷᠡᠭᠯᠡᠬᠦ᠂ᠰᠥᠨᠢ ᠣᠷᠣᠢ ᠪᠤᠯᠳᠠᠯ᠎ᠠ ᠠᠵᠢᠯᠯᠠᠬᠤ᠂ᠦᠨ᠎ᠡ ᠬᠢᠮᠳᠠ ᠨᠠᠷᠢᠯᠢᠭᠵᠢᠭᠤᠯᠤᠭᠰᠠᠨ ᠦᠢᠯᠡᠴᠢᠯᠡᠭᠡ ᠬᠠᠩᠭᠠᠬᠤ ᠵᠡᠷᠭᠡ ᠣᠨᠴᠠᠯᠢᠭ ᠢᠶᠠᠷ ᠢᠶᠠᠨ ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠠᠷᠠᠯᠵᠢᠶ᠎ᠠ ᠮᠠᠶᠢᠮᠠᠢ ᠨᠢ ᠶᠡᠭᠡ ᠬᠥᠭᠵᠢᠶᠡᠨ ᠲᠠᠢ᠃ ᠡᠨᠡ ᠬᠤᠭᠤᠯᠠᠨ ᠭᠡᠷ ᠢ ᠡᠵᠡᠩᠨᠡᠵᠦ ᠪᠠᠶᠢᠭ᠎ᠠ ᠬᠥᠮᠥᠨ ᠪᠣᠯ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠤ ᠪᠠᠷᠠᠭᠤᠨ ᠬᠥᠳᠡᠭᠡ ᠭᠠᠴᠠᠭ᠎ᠠ ᠶᠢᠨ ᠲᠠᠷᠢᠶᠠᠴᠢᠨ᠂ ᠳᠠᠪᠢᠨ ᠨᠠᠰᠤᠲᠠᠢ ᠮᠠᠤ ᠲᠦᠮᠡᠨ ᠪᠠᠶᠢᠭ᠎ᠠ ᠶᠤᠮ᠃          ᠮᠠᠤ ᠲᠦᠮᠡᠨ ᠥᠩᠭᠡᠷᠡᠭᠰᠡᠨ ᠳᠤ ᠪᠠᠷᠠᠭᠤᠨ ᠬᠥᠳᠡᠭᠡ ᠶᠢ ᠨᠡᠭᠡᠭᠡᠯᠲᠡ ᠬᠢᠬᠦ ᠳᠤ ᠤᠷᠤᠯᠴᠠᠵᠦ ᠬᠡᠳᠦᠨ ᠵᠠᠭᠤᠨ ᠮᠦ ᠲᠠᠷᠢᠶᠠᠨ ᠭᠠᠵᠠᠷ ᠲᠠᠢ᠂ ᠭᠤᠣᠯᠳᠠᠭᠤ ᠡᠷᠳᠡᠨᠢ ᠰᠢᠰᠢ᠂ ᠨᠠᠷᠠᠨ ᠬᠤᠸᠠᠷ᠂ ᠪᠤᠭᠤᠳᠠᠢ ᠵᠡᠷᠭᠡ ᠲᠠᠷᠢᠮᠠᠯ ᠳᠠᠷᠢᠵᠦ ᠪᠠᠶᠢᠵᠠᠢ᠃ 2014 ᠣᠨ ᠳᠤ ᠬᠡᠦᠬᠡᠳ ᠢᠶᠠᠨ ᠰᠤᠷᠭᠠᠭᠤᠯᠢ ᠳᠤ ᠰᠠᠭᠤᠯᠭᠠᠬᠤ ᠳᠤ ᠳᠦᠭᠦᠮ ᠢ ᠪᠤᠳᠤᠵᠤ᠂ᠲᠠᠷᠢᠶᠠᠨ ᠭᠠᠵᠠᠷ ᠢᠶᠠᠨ ᠬᠥᠮᠥᠨ ᠳᠤ ᠲᠦᠷᠢᠶᠡᠰᠦᠯᠡᠵᠦ ᠥᠭᠴᠢᠬᠡᠭᠡᠳ᠂ ᠬᠤᠳᠠ ᠣᠷᠣᠵᠤ ᠠᠮᠢᠳᠤᠷᠠᠵᠠᠢ᠃ ᠤᠷᠢᠳ ᠬᠤᠵᠢᠳ ᠤᠯᠠᠠ ᠵᠦᠢᠯ ᠤᠨ ᠬᠤᠪᠢ ᠶᠢᠨ ᠠᠷᠠᠯᠵᠢᠶ᠎ᠠ ᠮᠠᠶᠢᠮᠠᠢ ᠡᠷᠭᠢᠯᠡᠡ ᠤᠷᠤᠯᠭ᠎ᠠ ᠪᠠᠨ ᠨᠡᠮᠡᠭᠳᠡᠭᠦᠯᠬᠦ ᠶᠢᠨ ᠳᠠᠭᠠᠤ ᠪᠠᠰᠠ ᠲᠤᠷᠰᠢᠯᠭ᠎ᠠ ᠰᠤᠷᠭᠠᠮᠵᠢ ᠬᠤᠷᠠᠮᠳᠤᠭᠤᠯᠤᠭᠰᠠᠭᠠᠷ ᠢᠷᠡᠭᠰᠡᠨ ᠪᠠᠶᠢᠨ᠎ᠠ᠃          ᠬᠥᠳᠡᠭᠡ ᠶᠢᠨ ᠬᠥᠮᠥᠨ ᠬᠤᠳᠠ ᠳᠤ ᠠᠮᠢᠳᠤᠷᠠᠬᠤ ᠠᠮᠠᠷ ᠦᠭᠡᠢ᠃ ᠶᠠᠭᠤ ᠨᠢᠭᠡ ᠶᠢ ᠬᠢᠵᠦ ᠪᠦᠲᠦᠭᠡᠨ᠂ ᠠᠵᠤ ᠠᠮᠢᠳᠤᠷᠠᠯ ᠢᠶᠠᠨ ᠰᠠᠶᠢᠵᠢᠷᠠᠭᠤᠯᠬᠤ ᠭᠡᠳᠡᠭ ᠨᠢ ᠲᠡᠭᠦᠨ ᠤ ᠦᠷᠭᠦᠯᠵᠢ ᠪᠤᠳᠤᠵᠤ ᠰᠠᠨᠠᠳᠠᠭ ᠤᠴᠢᠷ ᠪᠠᠶᠢᠵᠠᠢ᠃ ᠳᠡᠷᠡ ᠪᠠᠶᠠᠨᠬᠤᠲᠠ ᠶᠢᠨ ᠵᠠᠬ᠎ᠠ ᠳᠡᠯᠭᠡᠭᠦᠷ ᠢ ᠠᠵᠢᠨ᠂ ᠥᠪᠡᠷ ᠪᠡᠶ᠎ᠡ ᠶᠢᠨ ᠳᠠᠪᠠᠭᠤᠯᠢᠭ ᠢᠶᠠᠨ ᠡᠷᠢᠵᠦ᠂ ᠬᠠᠰᠢᠯᠡ ᠬᠤᠭᠤᠯᠠᠨ ᠭᠡᠷ ᠡᠷᠭᠢᠯᠡᠭᠦ ᠪᠠᠷ ᠪᠣᠯᠵᠠᠢ᠃ ᠳᠡᠭᠡᠭᠡᠳ ᠲᠡᠷᠡ 2024 ᠣᠨ ᠤ 6 ᠰᠠᠷ᠎ᠠ ᠳᠤ ᠳᠥᠴᠢᠭᠡᠳ ᠲᠦᠮᠡᠨ ᠲᠥᠭᠦᠷᠢᠭ ᠤᠨ ᠪᠡᠯᠡ ᠣᠷᠣᠭᠤᠯᠤᠨ᠂ ᠬᠥᠮᠥᠨ ᠬᠠᠷ᠎ᠠ ᠣᠯᠠᠨᠲᠠᠢ᠂ ᠵᠠᠮ ᠨᠡᠪᠲᠡᠷᠡᠯᠭᠡ ᠲᠥᠭᠦᠮ᠂ ᠲᠡᠷᠭᠡ ᠤᠨᠤᠭ᠎ᠠ ᠵᠣᠭᠰᠤᠭᠠᠬᠤ ᠳᠤ ᠲᠥᠭᠦᠮ ᠭᠠᠵᠠᠷ ᠢ ᠰᠣᠩᠭᠤᠨ 200 ᠭᠠᠷᠤᠢ ᠲᠡᠭᠰᠢ ᠳᠥᠷᠪᠡᠯᠵᠢᠨ ᠮᠧᠲᠷ ᠳᠠᠯᠠᠪᠠᠢ ᠲᠠᠢ ᠭᠡᠷ ᠲᠦᠷᠢᠶᠡᠰᠦᠯᠡᠨ᠂ ︽ᠠ ᠮᠠᠤ ᠬᠠᠯᠠᠭᠤᠨ ᠲᠣᠭᠤᠭ᠎ᠠ︾ ᠭᠡᠬᠦ ᠬᠤᠭᠤᠯᠠᠨ ᠭᠡᠷ ᠭᠠᠷᠭᠠᠵᠠᠢ᠃          ᠪᠠᠶᠠᠨᠬᠤᠲᠠ ᠳᠤ ᠬᠤᠭᠤᠯᠠᠨ ᠭᠡᠷ ᠤᠯᠠᠨ᠂ ᠳᠡᠳᠡᠨ ᠤ ᠳᠤᠮᠳᠠ ᠣᠨᠴᠠᠭᠠᠶᠢᠷᠠᠬᠤ ᠭᠡᠪᠡᠯ ᠪᠠᠰᠠ ᠠᠮᠠᠷ ᠦᠭᠡᠢ ᠤᠴᠢᠷ᠃ ᠮᠠᠤ ᠲᠦᠮᠡᠨ ᠬᠥᠳᠡᠭᠡ ᠶᠢᠨ ᠬᠥᠮᠥᠨ ᠤ ᠳᠠᠪᠠᠭᠤᠯᠢᠭ ᠢᠶᠠᠨ ᠪᠠᠳᠠᠷᠠᠭᠤᠯᠤᠨ᠂ ᠪᠡᠯᠴᠢᠭᠡᠷ ᠤᠨ ᠮᠠᠯ ᠤᠨ ᠮᠢᠬ᠎ᠠ ᠲᠠᠢ ᠬᠠᠯᠠᠭᠤᠨ ᠲᠣᠭᠤᠭ᠎ᠠ ᠶᠢᠨ ᠦᠢᠯᠡᠴᠢᠯᠡᠭᠡ ᠭᠠᠷᠭᠠᠵᠠᠢ᠃ ᠮᠠᠯ ᠤᠨ ᠮᠢᠬ᠎ᠠ᠂ ᠦᠬᠡᠷ ᠤᠨ ᠮᠢᠬ᠎ᠠ ᠪᠠᠨ ᠲᠥᠭᠦᠮ᠂ ᠬᠤᠩᠭᠤᠷᠡᠦ᠋ᠯᠦᠩ᠂ ᠥᠯᠵᠡᠢ ᠵᠡᠷᠭᠡ ᠠᠯᠠᠱᠠ ᠵᠡᠭᠦᠨ ᠬᠤᠰᠢᠭᠤᠨ ᠤ ᠬᠤᠶᠢᠲᠤ ᠪᠡᠶ᠎ᠡ ᠶᠢᠨ ᠰᠤᠮᠤ ᠪᠠᠯᠭᠠᠰᠤ ᠠᠴᠠ ᠣᠷᠣᠭᠤᠯᠳᠠᠭ ᠪᠣᠯᠬᠤᠷ ᠤᠯᠠᠨ ᠤ ᠲᠠᠭᠠᠰᠢᠶᠠᠯ ᠢ ᠣᠯᠵᠠᠢ᠃ ᠳᠡᠷᠡ ᠤᠯᠠᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠠᠵᠢᠯᠯᠠᠬᠤ ᠴᠠᠭ ᠢᠶᠠᠨ ᠤᠷᠲᠤᠳᠬᠠᠨ᠂ ᠡᠳᠦᠷ ᠪᠦᠷᠢ ᠦᠳᠡ ᠶᠢᠨ ᠡᠮᠦᠨ᠎ᠡ ᠶᠢᠨ 10 ᠴᠠᠭ ᠠᠴᠠ ᠡᠬᠢᠯᠡᠨ ᠬᠤᠭᠤᠯᠠᠨ ᠭᠡᠷ ᠤᠨ ᠡᠭᠦᠳᠡ ᠪᠠᠨ ᠨᠡᠭᠡᠭᠡᠵᠦ 1 ᠴᠠᠭ ᠬᠠᠭᠠᠰ ᠪᠤᠯᠳᠠᠯ᠎ᠠ ᠠᠵᠢᠯᠯᠠᠨ᠂ ᠦᠳᠡ ᠶᠢᠨ ᠬᠤᠶᠢᠨ᠎ᠠ ᠶᠢᠨ 4 ᠴᠠᠭ ᠠᠴᠠ ᠰᠥᠨᠢ ᠶᠢᠨ12 ᠴᠠᠭ ᠪᠤᠯᠳᠠᠯ᠎ᠠ ᠦᠢᠯᠡᠴᠢᠯᠡᠭᠡ ᠬᠠᠩᠭᠠᠳᠠᠭ᠃ ᠳᠡᠷᠡ ᠦᠢᠯᠡᠴᠢᠯᠡᠭᠡᠨ ᠤ ᠳᠦᠷᠦᠯ ᠵᠦᠢᠯ ᠢᠶᠠᠨ ᠨᠠᠷᠢᠯᠢᠭᠵᠢᠭᠤᠯᠤᠨ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠲᠤ ᠬᠠᠨᠳᠤᠭᠤᠯᠤᠨ᠂ 2 ᠲᠥᠭᠦᠷᠢᠭ᠂ 5 ᠲᠥᠭᠦᠷᠢᠭ᠂ 8 ᠲᠥᠭᠦᠷᠢᠭ ᠤᠨ ᠦᠨ᠎ᠡ ᠲᠠᠢ ᠲᠠᠪᠠᠭᠯᠠᠭᠰᠠᠨ ᠨᠣᠭᠤᠭ᠎ᠠ᠂ ᠳ᠋ᠧᠦᠹᠦ᠋᠂ ᠮᠦᠭᠦ᠂ ᠰᠢᠷᠠᠭᠰᠠᠨ ᠲᠠᠬᠢᠶᠠᠨ ᠮᠢᠬ᠎ᠠ  ᠮᠡᠲᠦ ᠶᠢᠨ45 ᠲᠥᠷᠦᠯ ᠵᠦᠢᠯ ᠤᠨ ᠢᠳᠡᠭᠡᠨ ᠪᠠ 18 ᠲᠥᠭᠦᠷᠢᠭ ᠤᠨ ᠦᠨ᠎ᠡ ᠲᠠᠢ ᠲᠥᠷᠪᠡᠨ ᠯᠠᠩ ᠤᠨ ᠬᠡᠮᠵᠢᠶ᠎ᠡ ᠪᠠᠷ ᠲᠠᠪᠠᠭᠯᠠᠭᠰᠠᠨ ᠪᠡᠯᠴᠢᠭᠡᠷ ᠤᠨ ᠮᠠᠯ ᠤᠨ ᠮᠢᠬ᠎ᠠ ᠶᠢ ᠬᠤᠳᠠᠯᠳᠤᠵᠤ ᠪᠠᠶᠢᠨ᠎ᠠ᠃ ᠮᠠᠯ ᠤᠨ ᠮᠢᠬ᠎ᠠ ᠶᠢ ᠵᠤᠵᠠᠭᠠᠨ ᠬᠡᠷᠴᠢᠭᠰᠡᠨ ᠮᠢᠬ᠎ᠠ᠂ ᠨᠢᠮᠭᠡᠨ ᠬᠡᠷᠴᠢᠭᠰᠡᠨ ᠮᠢᠬ᠎ᠠ ᠭᠡᠵᠦ ᠬᠤᠪᠢᠶᠠᠨ᠂ ᠬᠡᠷᠡᠭᠯᠡᠭᠴᠢᠳ ᠲᠠᠭᠠᠰᠢᠶᠠᠯ ᠢᠶᠠᠷ ᠢᠶᠠᠨ ᠰᠣᠩᠭᠤᠨ ᠠᠪᠴᠤ ᠪᠤᠯᠳᠠᠭ᠃ ᠭᠤᠱᠤᠭᠤᠨ ᠱᠥᠯᠥ ᠶᠢᠨ ᠲᠦᠭᠦᠬᠡᠢ ᠮᠠᠲ᠋ᠧᠷᠢᠶᠠᠯ ᠢ ᠳᠡᠯᠭᠡᠭᠦᠷ ᠠᠴᠠ ᠬᠤᠳᠠᠯᠳᠤᠵᠤ ᠠᠪᠳᠠᠭ ᠦᠭᠡᠢ᠂ ᠬᠠᠷᠢᠨ ᠥᠪᠡᠷ ᠢᠶᠠᠨ ᠭᠤᠴᠢᠭᠠᠳ ᠵᠦᠢᠯ ᠤᠨ ᠮᠠᠲ᠋ᠧᠷᠢᠶᠠᠯ ᠢ ᠨᠡᠶᠢᠯᠡᠭᠦᠯᠦᠨ ᠬᠠᠭᠤᠷᠴᠤ ᠨᠠᠶᠢᠷᠠᠭᠤᠯᠤᠭᠰᠠᠨ ᠢᠶᠠᠷ ᠰᠢᠮ᠎ᠡ ᠲᠡᠵᠢᠭᠡᠯ ᠲᠠᠢ ᠮᠥᠷᠲᠡᠭᠡᠨ ᠬᠤᠪᠴᠠᠰᠤ ᠬᠤᠨᠠᠷ ᠲᠤ ᠬᠤᠭᠤᠯᠠᠨ ᠤ ᠦᠨᠦᠷ ᠰᠢᠩᠭᠡᠳᠡᠭ ᠦᠭᠡᠢ᠂ ᠮᠠᠭᠠᠵᠢ ᠶᠢᠨ ᠵᠢᠶᠠᠩ ᠢ ᠪᠤᠴᠠᠯᠭᠠᠭᠰᠠᠨ ᠤᠰᠤ ᠶᠢ ᠬᠥᠷᠥᠭᠡᠵᠦ ᠪᠠᠶᠢᠭᠠᠳ ᠨᠠᠶᠢᠷᠠᠭᠤᠯᠵᠤ ᠬᠢᠳᠡᠭ ᠠᠴᠠ ᠭᠡᠳᠡᠰᠦ ᠲᠤᠭᠤᠯᠭᠠᠬᠤ ᠤᠴᠢᠷ ᠭᠠᠷᠳᠠᠭ ᠦᠭᠡᠢ ᠵᠡᠷᠭᠡ ᠣᠨᠴᠠᠯᠢᠭ ᠲᠠᠢ ᠭᠡᠨ᠎ᠡ᠃          ᠮᠠᠤ ᠲᠦᠮᠡᠨ ᠬᠤᠭᠤᠯᠠᠨ ᠭᠡᠷ ᠲᠡᠭᠡᠨ ᠨᠢᠭᠡ ᠲᠣᠭᠤᠭᠠᠴᠢ᠂ ᠬᠤᠶᠠᠷ ᠦᠢᠯᠡᠴᠢᠯᠡᠭᠴᠢ ᠬᠡᠷᠡᠭᠯᠡᠳᠡᠭ᠃ ᠨᠢᠭᠡᠳᠦᠭᠡᠷ ᠳᠠᠪᠬᠤᠷᠭ᠎ᠠ ᠳᠤ ᠳᠥᠷᠪᠡ ᠪᠤᠶᠤ ᠵᠢᠷᠭᠤᠭᠠᠨ ᠬᠥᠮᠥᠨ ᠤ ᠰᠢᠷᠡᠭᠡ ᠡᠩᠨᠡᠷᠡᠭᠦᠯᠵᠦ᠂ ᠬᠤᠶᠠᠳᠤᠭᠠᠷ ᠳᠠᠪᠬᠤᠷᠭ᠎ᠠ ᠳᠤ ᠭᠤᠷᠪᠠᠨ ᠲᠠᠰᠤᠯᠭ᠎ᠠ ᠭᠡᠷ ᠭᠠᠷᠭᠠᠨ᠂ ᠲᠠᠰᠤᠯᠭ᠎ᠠ ᠪᠦᠷᠢ ᠳᠤ ᠠᠷᠪᠠᠨ ᠬᠥᠮᠥᠨ ᠤ ᠰᠢᠷᠡᠭᠡ ᠲᠣᠬᠢᠷᠠᠭᠤᠯᠤᠭᠰᠠᠨ ᠢᠶᠠᠷ 80 ᠬᠥᠮᠥᠨ ᠢ ᠵᠡᠷᠭᠡᠪᠡᠷ ᠵᠣᠴᠢᠯᠠᠬᠤ ᠴᠢᠳᠠᠪᠤᠷᠢ ᠲᠠᠢ ᠪᠣᠯᠵᠠᠢ᠃ ᠳᠡᠷᠡ᠄ ︽ᠡᠳᠦᠷ ᠲᠤ ᠪᠠᠷᠤᠭ 100 ᠭᠠᠷᠤᠢ ᠬᠥᠮᠥᠨ ᠢ ᠭᠥᠯᠢᠶᠡᠨ ᠠᠪᠴᠤ ᠵᠣᠴᠢᠯᠠᠨ᠂ ᠬᠠᠮᠤᠭ ᠠᠷᠪᠢᠨ ᠳᠠᠭᠠᠨ ᠡᠳᠦᠷ ᠲᠤ ᠲᠦᠮᠡ ᠭᠠᠷᠤᠢ ᠲᠥᠭᠦᠷᠢᠭ ᠬᠤᠳᠠᠯᠳᠤᠭᠰᠠᠨ᠃ ᠰᠠᠷ᠎ᠠ ᠳᠠᠭᠠᠨ ᠪᠠᠷᠤᠭ ᠬᠤᠶᠠᠷ ᠭᠤᠷᠪᠠᠨ ᠲᠦᠮᠡᠨ ᠲᠥᠭᠦᠷᠢᠭ ᠤᠨ ᠴᠡᠪᠡᠷ ᠤᠷᠤᠯᠭ᠎ᠠ ᠲᠠᠢ᠂ ᠬᠤᠵᠢᠮ ᠪᠠᠶᠠᠨᠬᠤᠲᠠ ᠶᠢᠨ ᠪᠠᠷᠠᠭᠤᠨ ᠲᠣᠭᠤᠷᠢᠭ ᠲᠤ ᠪᠠᠰᠠ ᠨᠢᠭᠡ ᠬᠤᠪᠢᠶᠠᠷᠢ ᠳᠡᠯᠭᠡᠭᠦᠷ ᠡᠷᠭᠢᠯᠡᠭᠦ ᠰᠠᠨᠠᠭᠠᠲᠠᠢ︾ ᠭᠡᠵᠦ ᠲᠠᠨᠢᠯᠴᠠᠭᠤᠯᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号