| 5 ᠰᠠᠷ᠎ᠠ ᠶᠢᠨ 4 ᠤ ᠡᠳᠦᠷ᠂ ᠤᠯᠠᠭᠠᠨ ᠦᠬᠡᠷ ᠠᠷᠪᠠᠨ ᠳᠥᠷᠪᠡᠳᠦᠭᠡᠷ ᠬᠤᠭᠤᠴᠠᠭᠠᠨ ᠤ ᠬᠤᠳᠠᠯᠳᠤᠭᠠᠨ ᠤ | ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠲᠡᠮᠡᠴᠡᠭᠡᠨ ᠤ ᠤᠷᠤᠯᠳᠤᠭᠠᠨ ︵ᠡᠯᠡᠰᠦᠨ 14 ᠭᠡᠵᠤ | ᠳᠥᠭᠦᠮᠴᠢᠯᠡᠪᠡ︶ ᠠᠯᠠᠱᠠ ᠠᠶᠢᠮᠠᠭ ᠤᠨ ᠲᠩᠷᠢ ᠡᠯᠡᠰᠦᠨ ᠴᠦᠯ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠡᠨᠡ | ᠤᠳᠠᠭᠠᠨ ᠤ ᠪᠦᠬᠦ ᠪᠥᠮᠪᠥᠷᠴᠡᠭ ᠤᠨ ᠬᠠᠮᠤᠭ ᠶᠡᠭᠡ ᠬᠡᠪᠴᠢᠶᠡᠨ ᠤ ᠡᠯᠡᠰᠦᠨ ᠴᠦᠯ ᠤᠨ ᠶᠠᠪᠠᠭᠠᠨ ᠶᠠᠪᠣᠬᠤ | ᠤᠷᠤᠯᠳᠤᠭᠠᠨ ᠨᠢ 5 ᠰᠠᠷ᠎ᠠ ᠶᠢᠨ 2 ᠤᠨ ᠡᠳᠦᠷ ᠡᠬᠢᠯᠡᠵᠤ᠂112 ᠳᠡᠭᠡᠳᠦ ᠰᠤᠷᠭᠠᠭᠤᠯᠢ ᠶᠢᠨ 4000 ᠭᠠᠷᠤᠢ | ᠰᠣᠳᠣᠴᠣᠣᠯ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠤ ᠪᠦᠬᠦ ᠶᠠᠪᠤᠴᠠ ᠳᠤ᠂ ᠲᠠᠮᠢᠷᠴᠢᠳ ᠲᠣᠭᠳᠠᠭᠰᠠᠨ ᠴᠠᠭ ᠤᠨ ᠳᠣᠲᠣᠷ᠎ᠠ ᠶᠠᠪᠠᠭᠠᠨ ᠶᠠᠪᠤᠵᠤ | ᠡᠯᠡᠰᠦᠨ ᠴᠦᠯ ᠢ ᠳᠤᠭᠤᠯᠵᠤ᠂ ᠤᠷᠤᠯᠳᠤᠭᠠᠨ ᠤ ᠬᠠᠮᠤᠭ ᠤᠨ ᠳᠡᠭᠡᠳᠦ ᠢᠷᠠᠭᠤ ᠠᠯᠳᠠᠷ ᠤᠨ ᠵᠦᠭ ᠲᠠᠭᠠᠷᠢᠯᠳᠠ | ᠶᠠᠪᠤᠭᠤᠯᠪᠠ᠃ ᠲᠣᠰ ᠬᠤᠭᠤᠴᠠᠭᠠᠨ ᠤ ᠤᠷᠤᠯᠳᠤᠭᠠᠨ ᠨᠢ ᠪᠡᠶ᠎ᠡ ᠮᠠᠬᠠᠪᠣᠳ ᠵᠣᠷᠢᠭ ᠰᠠᠨᠠᠭᠠᠨ ᠤ ᠦᠵᠡᠯᠴᠡᠭᠡᠨ | ᠪᠣᠯᠬᠤ ᠪᠠᠷ ᠪᠠᠷᠠᠬᠤ ᠥᠬᠡᠶ᠂ ᠨᠠᠩ ᠴᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠣᠯᠢᠯᠴᠠᠭ᠎ᠠ ᠶᠢ ᠠᠬᠢᠭᠤᠯᠬᠤ | ᠲᠠᠪᠴᠠᠩ ᠪᠣᠯᠵᠣ᠂ ᠲᠠᠮᠢᠷᠴᠢᠳ ᠤᠷᠤᠯᠳᠤᠭᠠᠨ ᠤ ᠶᠠᠪᠤᠴᠠ ᠳᠤ ᠬᠠᠷᠢᠯᠴᠠᠨ ᠵᠣᠷᠢᠭᠵᠢᠭᠤᠯᠵᠤ᠂ ᠪᠦᠯᠬᠦᠮ | ᠨᠡᠶᠢᠲᠡ ᠶᠢᠨ ᠬᠠᠮᠵᠢᠯᠴᠠᠬᠤ ᠬᠦᠴᠦᠨ ᠢ ᠭᠦᠢᠴᠡᠳ ᠢᠯᠡᠷᠡᠭᠦᠯᠪᠡ᠃ | | | | | | | | | ᠤᠯᠠᠭᠠᠨ ᠦᠬᠡᠷ ᠠᠷᠪᠠᠨ ᠳᠥᠷᠪᠡᠳᠦᠭᠡᠷ ᠬᠤᠭᠤᠴᠠᠭᠠᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ | ᠡᠯᠡᠰᠦᠨ ᠴᠦᠯ ᠤᠨ ᠲᠡᠮᠡᠴᠡᠭᠡᠨ ᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠬᠦ ᠶᠢ ᠳᠠᠭᠠᠯᠳᠤᠨ᠂ | ᠲᠠᠮᠢᠷᠴᠢᠳ ᠥᠪᠡᠷ ᠤᠨ ᠪᠠᠶ᠎ᠡ ᠪᠠᠨ ᠢᠯᠠᠨ ᠲᠠᠪᠠᠵᠤ᠂ ᠨᠡᠩ ᠤᠯᠠᠨ ᠬᠥᠮᠥᠰ ᠢ ᠬᠦᠰᠡᠯ ᠵᠡᠭᠦᠳᠦ ᠪᠠᠨ ᠵᠣᠷᠢᠭᠲᠠᠢ ᠪᠠᠷ | ᠬᠥᠭᠡᠭᠡᠴᠡᠯᠳᠦᠬᠦ ᠶᠢ ᠵᠣᠷᠢᠭᠵᠢᠭᠤᠯᠵᠤ᠂ ᠠᠽᠢᠶ᠎ᠠ ᠶᠢᠨ ᠡᠯᠡᠰᠦᠨ ᠴᠦᠯ ᠤᠨ ᠤᠷᠤᠯᠳᠤᠭᠠᠨ ᠤ ᠨᠠᠷᠠᠲᠤ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠴᠦ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠯᠠᠱᠠ ᠵᠡᠭᠦᠨ ᠬᠤᠰᠢᠭᠤᠨ ᠤ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠠ | ᠃ | | | | | | | | | |