| ᠠᠯᠠᠱᠠ ᠵᠡᠭᠦᠨ ᠬᠤᠰᠢᠭᠤ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠳᠤᠲᠠᠭᠤᠳᠠᠯ ᠢᠶᠠᠨ | ᠬᠦᠴᠦᠯᠡᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠣᠯᠠᠨ ᠲᠠᠯ᠎ᠠ ᠪᠠᠷ ᠬᠦᠴᠦᠯᠡᠵᠦ᠂ | ᠬᠠᠮᠵᠢᠯᠴᠠᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ | ᠪᠠᠬᠢᠵᠢᠭᠦᠯᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠤ ᠳᠤᠮᠳᠠ | ᠰᠠᠶᠢᠵᠢᠷᠠᠬᠤ ᠶᠢ ᠪᠠᠲᠤᠯᠠᠪᠠ᠃ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠣᠯ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠴᠢᠬᠤᠯᠠ ᠠᠷᠭ᠎ᠠ | ᠪᠠᠷᠢᠯ ᠮᠥᠨ᠃ ᠠᠯᠠᠱᠠ ᠵᠡᠭᠦᠨ ᠬᠤᠰᠢᠭᠤᠨ ᠤ ᠵᠢᠶᠠ ᠯᠢ ᠨᠣᠯᠤᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ | ᠂ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ | ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ᠂ ᠬᠦᠨᠳᠦ ᠶᠡᠭᠡ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠷᠡᠰᠳᠡᠯ ᠶᠡᠬᠡᠲᠡᠶ ᠠᠵᠢᠯ ᠢ ᠬᠠᠮᠢᠶᠠᠷᠤᠨ ᠡᠵᠡᠮᠳᠡᠬᠦ᠂ | ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠪᠠᠷ ᠠᠶᠤᠯ ᠥᠬᠡᠶ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦ᠋ᠶᠢᠴᠡᠳᠬᠡᠬᠦ ᠶᠢ ᠰᠢᠮᠳᠠᠭᠤᠯᠵᠤ᠂ ᠠᠶᠤᠯ ᠥᠬᠡᠶ ᠦᠢᠯᠡᠳᠪᠦᠷᠢᠯᠡᠯ ᠤᠨ | ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠠᠲᠤᠯᠠᠪᠠ᠃ | | | | | | | | ᠠᠯᠠᠱᠠ ᠵᠡᠭᠦᠨ ᠬᠤᠰᠢᠭᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ | ᠨᠡᠮᠡᠭᠳᠡᠭᠦᠯᠬᠦ ᠶᠢ ᠵᠣᠷᠢᠭᠵᠢᠭᠤᠯᠤᠨ ᠳᠡᠮᠵᠢᠵᠦ᠂ ᠡᠭᠦᠨ ᠤ ᠤᠯᠠᠮ ᠢᠶᠠᠷ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠨᠠᠩ ᠤᠶᠤᠨᠴᠢᠯᠠᠬᠤ ᠶᠢ ᠠᠬᠢᠭᠤᠯᠪᠠ᠃ ᠥᠪᠥᠷ ᠮᠣᠩᠭᠤᠯ ᠤᠨ ᠠᠯᠠᠱᠠ ᠶᠢᠨ ᠶᠢᠨ ᠰᠢᠩ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠠᠯᠠᠪᠠᠶ ᠶᠢᠨ ᠶᠡᠷᠥᠩᠬᠡᠶᠢᠯᠡᠭᠰᠡᠨ ᠬᠡᠷᠡᠭᠯᠡᠭᠡᠨ ᠤ ᠺᠣᠮᠫᠢᠦ᠋ᠲ᠋ᠧᠷ᠂ ᠰᠦᠯᠵᠢᠶ᠎ᠡ᠂ ᠳᠦᠷᠰᠦ | ᠪᠢᠴᠢᠯᠭᠡ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠠᠵᠢᠯᠲᠠᠨ ᠤ ᠶᠠᠪᠤᠳᠠᠯ᠂ | ᠲᠡᠷᠭᠡ ᠬᠥᠰᠬᠡ᠂ ᠡᠳ᠋ ᠪᠣᠳᠠᠰ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ ᠢ | ᠴᠢᠩᠭᠠᠳᠬᠠᠨ᠂ ᠠᠵᠢᠯ ᠤᠨ ᠲᠤᠬᠠᠶ ᠶᠢᠨ ᠲᠠᠯᠠᠪᠠᠶ ᠶᠢᠨ ᠳᠦᠷᠰᠦ ᠪᠢᠴᠢᠯᠭᠡ ᠪᠠᠷ ᠬᠢᠨᠠᠨ ᠡᠵᠡᠮᠳᠡᠬᠦ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠬᠦ ᠶᠢᠨ ᠬᠠᠮᠲᠤ AI ᠳᠦᠷᠰᠦ ᠪᠢᠴᠢᠯᠭᠡ ᠪᠠᠷ ᠣᠶᠤᠨᠴᠢ ᠪᠠᠷ ᠢᠯᠭᠠᠨ ᠲᠠᠨᠢᠬᠤ | ᠰᠢᠰᠲ᠋ᠧᠮ ᠢ ᠣᠷᠣᠭᠤᠯᠤᠨ ᠠᠪᠴᠢᠷᠠᠵᠤ᠂ ᠡᠷᠡᠰᠳᠡᠯ ᠤᠨ ᠳᠠᠯᠳᠠ ᠬᠡᠮ ᠢ ᠴᠠᠭ ᠲᠤᠬᠠᠶ ᠳᠤᠨᠢ ᠬᠢᠨᠠᠨ ᠬᠡᠮᠵᠢᠬᠦ᠂ | ᠣᠶᠤᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠪᠠ ᠨᠠᠷᠢᠯᠢᠭ ᠣᠨᠣᠴᠠᠲᠠᠶ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ | ᠠᠶᠤᠯ ᠥᠬᠡᠶ ᠦᠢᠯᠡᠳᠪᠦᠷᠢᠯᠡᠯ ᠢ ᠤᠯᠠᠮᠵᠢᠯᠠᠯᠲᠤ ᠬᠥᠮᠦᠨ ᠤ ᠬᠦᠴᠦ ᠪᠠᠷ ᠰᠡᠷᠭᠡᠶᠢᠯᠡᠨ ᠡᠵᠡᠮᠳᠡᠵᠦ ᠪᠠᠶᠢᠭᠰᠠᠨ ᠠᠴᠠ | ᠤᠶᠤᠨᠴᠢᠯᠠᠭᠰᠠᠨ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠠᠬᠢᠭᠤᠯᠪᠠ᠃ | | | | | | ᠠᠯᠠᠱᠠ ᠵᠡᠭᠦᠨ ᠬᠤᠰᠢᠭᠤ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ | ᠠᠭᠤᠷᠬᠠᠶ᠂ ᠲᠡᠮᠦᠷᠯᠢᠭ ᠪᠣᠯᠪᠠᠰᠤᠷᠠᠭᠤᠯᠬᠤ᠂ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ | ᠠᠵᠢᠯ ᠲᠥᠷᠥᠯ ᠢ ᠴᠢᠩᠭ᠎ᠠ ᠠᠩᠬᠠᠷᠴᠤ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ | ᠥᠷᠨᠢᠭᠦᠯᠵᠦ᠂ ᠡᠯ᠎ᠡ ᠲᠥᠷᠥᠯ ᠤᠨ ᠬᠠᠤᠯᠢ ᠪᠤᠰᠤ ᠪᠠᠷ ᠬᠠᠤᠯᠢ ᠵᠥᠷᠢᠴᠡᠭᠰᠡᠨ ᠪᠠ ᠲᠦᠷᠢᠮ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠡᠭᠦᠨ ᠤ ᠬᠠᠮᠲᠤ᠂ ᠵᠣᠬᠢᠴᠠᠭᠤᠯᠤᠨ | ᠬᠠᠮᠲᠤᠷᠠᠨ ᠬᠥᠳᠡᠯᠦᠯᠴᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ | ᠨᠠᠷᠢᠪᠴᠢᠯᠠᠨ ᠪᠠᠶᠢᠴᠠᠭᠠᠵᠤ ᠭᠠᠷᠭᠠᠭᠰᠠᠨ ᠡᠷᠡᠰᠳᠡᠯ ᠤᠨ ᠳᠠᠯᠳᠠ ᠬᠡᠮ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠠᠯᠠᠱᠠ ᠵᠡᠭᠦᠨ ᠬᠤᠰᠢᠭᠤᠨ ᠤ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠮᠡᠳᠡᠭᠡ | ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠨ᠂ 114 ᠭᠤᠤᠯᠳᠠᠯᠭ᠎ᠠ ᠲᠠᠢ ᠠᠵᠢᠯ | ᠲᠥᠷᠥᠯ ᠤᠨ ᠠᠵᠤ ᠠᠬᠤᠶᠢᠯᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠳᠤ ᠣᠷᠣᠭᠤᠯᠵᠤ᠂ ᠠᠮᠤᠷ ᠲᠦᠪᠰᠢᠨ ᠤ | ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠶᠢᠨ ᠬᠠᠮᠲᠤ ᠠᠮᠤᠷ ᠲᠦᠪᠰᠢᠨ ᠤ ᠬᠥᠮᠦᠵᠢᠯ | ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠡᠭᠦᠨ ᠤ ᠤᠯᠠᠮ ᠢᠶᠠᠷ ᠠᠶᠤᠯ ᠥᠬᠡᠶ ᠦᠢᠯᠡᠳᠪᠦᠷᠢᠯᠡᠯ ᠤᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | | | |