2024 ᠣᠨ ᠳᠤ᠂ ᠤᠯᠠᠨ ᠳᠠᠪᠬᠤᠷ ᠬᠦᠴᠢᠷ ᠪᠡᠷᠬᠡᠰᠢᠶᠡᠯ᠂ ᠥᠷᠢᠰᠦᠯᠳᠦᠭᠡᠨ ᠳᠠᠪᠬᠤᠴᠠᠭᠰᠠᠨ ᠬᠦᠨᠳᠦ | ᠨᠣᠴᠢᠲᠠᠢ ᠪᠠᠶᠢᠳᠠᠯ ᠤᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠂ ᠪᠦᠭᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ︽ᠵᠢᠷᠭᠤᠭᠠᠨ ᠢᠨᠵᠧᠨᠧᠷᠢᠩ︾ ᠢ | ᠰᠠᠶᠢᠲᠤᠷ ᠬᠡᠷᠡᠭᠵᠢᠭᠦᠯᠦᠨ᠂ ︽157︾ ᠰᠡᠳᠬᠢᠴᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠢᠭᠡ ᠪᠦᠯᠦᠭ ᠠᠯᠤᠰ | ᠭᠡᠳᠤ ᠶᠢᠨ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠢᠭᠡ ᠪᠦᠯᠦᠭ | ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ | ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃ | | ᠭᠤᠣᠯ ᠱᠤᠭᠤᠮ ᠢ ᠪᠠᠲᠤᠳᠬᠠᠬᠤ | ᠦᠷ᠎ᠡ ᠪᠦᠳᠦᠮᠵᠢ ᠢᠯᠡᠷᠬᠡᠢ | | •ᠵᠢᠱᠢᠶ᠎ᠡ ᠦᠵᠡᠭᠦᠯᠭᠦ ᠠᠶᠢᠮᠠᠭ ᠢ ᠪᠦᠲᠦᠭᠡᠨ ᠪᠠᠶᠢᠭᠤᠯᠬᠤ ︽ᠲᠣᠭᠲᠠᠭᠠᠯ︾ ᠪᠠ ᠬᠡᠷᠡᠭᠵᠢᠭᠦᠯᠬᠦ | ᠲᠥᠰᠥᠯ ᠢ ᠳᠠᠷᠤᠮᠠᠯᠯᠠᠨ ᠲᠠᠷᠬᠠᠭᠠᠬᠤ ᠪᠠ ᠬᠡᠷᠡᠭᠵᠢᠭᠦᠯᠵᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠤᠷᠢᠳᠠᠪᠠᠷ ᠬᠤᠯᠪᠤᠭᠠᠯᠠᠨ ᠬᠢᠨᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ | ᠠᠵᠢᠯ ᠳᠤ ᠪᠦᠲᠦᠮᠵᠢᠲᠡᠶ ᠠᠭᠤᠰᠤᠯᠴᠠᠭᠤᠯᠬᠤ ᠶᠢ ᠠᠬᠢᠭᠤᠯᠪᠠ᠃ | | • ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠯᠧᠺᠲ᠋ᠣᠷ ᠪᠣᠯᠣᠨ ᠣᠷᠣᠨ | ᠨᠤᠲᠤᠭ ᠤᠨ ᠬᠢᠴᠢᠶᠡᠯ ᠢ ᠨᠡᠭᠡᠭᠡᠨ ᠬᠥᠭᠵᠢᠭᠦᠯᠵᠦ᠂ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠪᠣᠯᠪᠠᠰᠤᠷᠠᠯ | ᠬᠢᠴᠢᠶᠡᠯ ᠤᠨ ᠴᠠᠭ ᠤᠨ ᠬᠠᠷᠢᠴᠠᠯ 20% ᠶᠢ ᠳᠠᠪᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠪᠦᠭᠦ ᠬᠢᠴᠢᠶᠡᠯ ᠳᠦᠷᠦᠯ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠣᠨ | ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠬᠡᠷᠡᠭᠯᠡᠬᠦ ᠶᠢ | ᠪᠡᠶᠡᠯᠡᠭᠦᠯᠪᠡ᠃ | | • ᠭᠤᠣᠯ ᠱᠤᠭᠤᠮ ᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠪᠣᠳᠠᠰ ᠤᠨ ᠪᠤᠰᠤ | ᠰᠣᠶᠣᠯ ᠤᠨ ᠥᠪ ᠤᠨ ᠤᠯᠠᠮᠵᠢᠯᠠᠯ᠂ ᠦᠵᠡᠮᠵᠢ ᠶᠢᠨ ᠣᠷᠣᠨ ᠤ ᠳᠡᠯᠭᠡᠨ ᠦᠵᠡᠭᠦᠯᠭᠦ ᠪᠠ ᠰᠣᠶᠣᠯ ᠵᠢᠭᠤᠯᠴᠢᠯᠠᠯ ᠤᠨ | ᠠᠵᠢᠯᠯᠠᠭ᠎ᠠ ᠳᠤ ᠭᠦᠨᠵᠡᠭᠡᠢ ᠠᠭᠤᠰᠤᠯᠴᠠᠭᠤᠯᠵᠤ᠂ ᠠᠶᠢᠮᠠᠭ ᠤᠨ ᠳᠡᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠭᠦ ᠨᠢᠭᠡᠴᠢ 36 ᠶᠢ ᠨᠡᠷᠡᠶᠢᠳᠴᠦ᠂ 1 ᠬᠠᠮᠲᠤ ᠨᠡᠶᠢᠲᠡ ᠪᠠ 1 ᠬᠤᠪᠢ ᠬᠥᠮᠥᠨ | ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠬᠤᠪᠢ | ᠬᠥᠮᠥᠨ ᠤ ᠴᠣᠯᠠ ᠬᠦᠷᠲᠡᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠭᠤᠣᠯ ᠱᠤᠭᠤᠮ ᠢ | ᠲᠤᠭᠤᠰᠢᠯᠠᠭᠤᠯᠬᠤ ᠦᠵᠡᠯ ᠤᠬᠠᠮᠰᠠᠷ ᠢᠯᠡᠳᠲᠡ ᠴᠢᠩᠭᠠᠷᠠᠪᠠ᠃ | | ︽ᠲᠠᠪᠤᠨ ᠶᠡᠭᠡ ᠡᠭᠦᠷᠭᠡ︾ ᠠᠮᠵᠢᠯᠲᠠ ᠲᠣᠪᠣᠶᠢᠮ᠎ᠠ | | • ᠪᠦᠭᠦ ᠠᠶᠢᠮᠠᠭ ᠤᠨ ᠬᠦᠴᠦ ᠶᠢ ᠲᠥᠪᠯᠡᠷᠡᠭᠦᠯᠦᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠦᠭᠦ ᠵᠢᠯ ᠳᠤ 29.2 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠣᠷᠣᠭᠤᠯᠵᠤ᠂ ᠡᠯᠡᠰᠦ ᠶᠢ ᠵᠠᠰᠠᠭᠰᠠᠨ ᠲᠠᠯᠠᠪᠠᠢ 593 ᠲᠦᠮᠡᠨ ᠮᠦ ᠳᠤ ᠬᠦᠷᠴᠦ᠂ ᠪᠦᠭᠦ ᠣᠷᠣᠨ ᠤ | ᠭᠤᠷᠪᠠᠨ ᠤ ᠨᠢᠭᠡ ᠶᠢᠨ ᠡᠯᠡᠰᠦ ᠶᠢ ᠵᠠᠰᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠂ ︽ᠪᠠᠳᠠᠢ ᠶᠢᠨ ᠵᠢᠷᠠᠨ | ᠡᠯᠡᠰᠦ - ᠡᠯᠡᠰᠦᠨ ᠴᠤᠭᠢᠶᠠᠳ ᠨᠠᠭᠤᠷ ᠪᠦᠷᠢᠳᠦ ᠨᠦᠭᠦᠳ︾ ᠠᠮᠵᠢᠯᠲᠠ ᠲᠠᠢ ᠪᠠᠷ ᠳᠡᠯᠡᠬᠡᠢ ᠶᠢᠨ ᠰᠣᠶᠣᠯ ᠤᠨ | ᠥᠪ ᠢᠶᠠᠷ ᠵᠢᠭᠰᠠᠭᠠᠭᠳᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠤᠯᠠᠮ ᠪᠠᠬᠢᠵᠢᠪᠡ᠃ | | •ᠬᠤᠶᠠᠷ ᠶᠡᠭᠡ ᠴᠡᠷᠢᠭ ᠤᠨ ᠶᠠᠪᠤᠳᠠᠯ ᠤᠨ ᠰᠠᠭᠤᠷᠢᠨ ᠭᠠᠵᠠᠷ ᠲᠠᠬᠢ ᠦᠢᠯᠡᠴᠢᠯᠡᠭᠡ ᠪᠠᠲᠤᠯᠠᠭ᠎ᠠ ᠶᠢᠨ | ᠠᠵᠢᠯ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ | ᠳᠥᠷᠪᠡᠳᠦᠭᠡᠷ ᠰᠠᠭᠤᠷᠢᠨ ᠭᠠᠵᠠᠷ ᠬᠦᠷᠬᠦ ᠵᠠᠰᠠᠮᠠᠯ ᠵᠠᠮ ᠢ ᠡᠬᠢᠯᠡᠨ ᠪᠦᠲᠦᠭᠡᠨ ᠪᠠᠶᠢᠭᠤᠯᠵᠤ᠂ ᠪᠠᠩᠬᠢ᠂ ᠵᠠᠬ᠎ᠠ | ᠳᠡᠯᠭᠡᠭᠦᠷ᠂ ᠮᠠᠰᠢᠨ ᠲᠡᠷᠭᠡ ᠶᠢᠨ ᠬᠠᠮᠢᠶᠠᠷᠤᠯᠲᠠ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠲᠤᠬᠠᠶᠢᠯᠠᠭᠰᠠᠨ ᠠᠵᠢᠯ ᠢ | ᠪᠦᠭᠦ ᠲᠠᠯ᠎ᠠ ᠪᠠᠷ ᠠᠭᠢᠭᠤᠯᠪᠠ;ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠭᠦ ᠬᠦᠴᠦᠨ ᠢᠶᠠᠷ ᠢᠶᠠᠨ ᠰᠡᠷᠭᠡᠶᠢᠯᠡᠨ | ᠠᠷᠢᠯᠭᠠᠵᠤ᠂ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠡ᠊ᠨᠳᠡᠯ ᠭᠠᠷᠤᠭᠰᠠᠨ ᠲᠤᠭ᠎ᠠ᠂ ᠡ᠊ᠨᠳᠡᠭᠰᠡᠨ ᠬᠥᠮᠥᠨ ᠤ | ᠲᠤᠭ᠎ᠠ ᠶᠢ ᠲᠣᠰ ᠲᠣᠰ 64%᠂ 80% ᠪᠠᠷ ᠪᠠᠭᠤᠷᠠᠭᠤᠯᠪᠠ᠃ | | •ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ | ᠢᠶᠠᠷ ᠢᠶᠠᠨ ᠠᠬᠢᠭᠤᠯᠵᠤ᠂ ᠲᠡᠭᠷᠢ ᠶᠢᠨ ᠲᠣᠮᠣ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠵᠡᠷᠭᠡ 27 | ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠭᠢᠯᠭᠠᠨ ᠭᠠᠷᠭᠠᠵᠤ᠂ ᠨᠢᠭᠡ ᠪᠦᠯᠦᠭ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠪᠦᠭᠦ | ᠤᠯᠤᠰ ᠤᠨ ᠠᠩᠬᠠᠳᠠᠭᠴᠢ 50 ᠲᠦᠮᠡᠨ ᠲᠣᠨ ᠪᠣᠬᠢᠷᠳᠤᠯ ᠦᠭᠡᠢ ᠮᠧᠲ᠋ᠢᠯ ᠠᠯᠺᠤᠤᠯ ᠦᠢᠯᠡᠳᠬᠦ ᠪᠡᠯᠡᠳᠬᠡᠯ ᠲᠥᠷᠥᠯ | ᠵᠦᠢᠯ ᠪᠠ ᠪᠦᠭᠦ ᠣᠷᠣᠨ ᠤ ᠠᠩᠬᠠᠳᠠᠭᠴᠢ ᠠᠶᠢᠮᠠᠭ ᠬᠤᠲᠠ ᠠᠯᠤᠰᠯᠠᠭᠰᠠᠨ ᠰᠢᠨ᠎ᠡ ᠡᠨᠧᠷᠭᠢ ᠪᠠᠷ ᠬᠠᠷᠢᠯᠴᠠᠨ | ᠲᠡᠳᠬᠦᠬᠦ ᠲᠥᠷᠥᠯ ᠵᠦᠢᠯ ᠢ ᠠᠵᠢᠯ ᠡᠬᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1000 ᠲᠦᠮᠡᠨ | ᠺᠢᠯᠣᠸᠠᠲ ᠢ ᠳᠠᠪᠠᠵᠤ᠂ ᠳᠡᠭᠡᠷ᠎ᠡ ᠵᠢᠯ ᠤᠨ ᠬᠢ ᠠᠴᠠ 79% ᠪᠠᠷ ᠨᠡᠮᠡᠭᠳᠡᠪᠡ᠃ | | • ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠢᠩᠭᠡᠨ ᠰᠦ ᠶᠢᠨ | ᠭᠠᠷᠤᠯᠲᠠ 1 ᠲᠦᠮᠡᠨ ᠲᠣᠨ ᠢ ᠳᠠᠪᠠᠵᠤ᠂ ᠲᠡᠮᠡᠭᠡᠨ ᠤ ᠠᠵᠤ ᠦᠢᠯᠡᠰ ᠤᠨ ᠦᠢᠯᠡᠳᠬᠦᠨ ᠤ ᠥᠷᠲᠡᠭ 25% ᠪᠠᠷ | ᠨᠡᠮᠡᠭᠳᠡᠪᠡ᠃ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠵᠢᠩᠬᠢᠨᠢ ᠪᠦᠲᠦᠭᠡᠭᠳᠡᠬᠦᠨ ᠤ ᠪᠠᠷᠢᠮᠵᠢᠶ᠎ᠠ ᠶᠢ ᠮᠠᠭᠠᠳᠯᠠᠨ | ᠲᠣᠭᠲᠠᠭᠠᠬᠤ ᠵᠢᠴᠢ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠠᠯᠠᠱᠠ ᠶᠢᠨ ᠴᠠᠭᠠᠨ | ᠭᠤᠶᠣᠣ ︽ᠨᠢᠭᠡ ᠪᠦᠰᠡ ᠨᠢᠭᠡ ᠵᠠᠮ︾ ᠤᠨ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠨᠠᠷᠢᠨ ᠳᠠᠩᠰᠠ ᠳᠤ ᠣᠷᠣᠵᠤ᠂ | ᠳ᠋ᠦᠩ ᠧ ᠧ ᠵᠢᠶᠣᠣ ᠴᠠᠭᠠᠨ ᠭᠤᠶᠣᠣ ᠶᠢᠨ ᠡᠷᠡᠭᠦᠯ ᠮᠡᠨᠳᠦ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠶᠢᠨ | ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ ᠵᠠᠬ᠎ᠠ ᠳᠡᠯᠭᠡᠭᠦᠷ ᠲᠤ ᠭᠠᠷᠴᠤ᠂ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠦᠢᠯᠡᠳᠬᠦᠨ ᠤ ᠥᠷᠲᠡᠭ 20% ᠪᠠᠷ ᠨᠡᠮᠡᠭᠳᠡᠪᠡ᠃ | | • ᠮᠢᠩᠭᠠᠨ ᠲᠦᠮᠡᠨ ᠲᠣᠨ ᠤ ᠲᠡᠰ ᠤᠨ ᠨᠡᠭᠦᠷᠡᠰᠦ ᠨᠥᠭᠡᠴᠡᠯᠡᠵᠦ ᠠᠷᠠᠯᠵᠢᠶᠠᠯᠠᠬᠤ ᠰᠠᠭᠤᠷᠢᠨ | ᠭᠠᠵᠠᠷ ᠢ ᠡᠬᠢᠯᠡᠨ ᠪᠠᠶᠢᠭᠤᠯᠵᠤ᠂ ᠴᠡᠭᠡ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠬᠡᠮᠵᠢᠶ᠎ᠡ 2400 ᠲᠦᠮᠡᠨ ᠲᠣᠨ᠂ | ᠠᠷᠠᠯᠵᠢᠶᠠᠨ ᠤ ᠬᠡᠮᠵᠢᠶ᠎ᠡ 150 ᠳ᠋ᠦᠩᠰᠢᠭᠤᠷ ᠲᠥᠭᠦᠷᠢᠭ ᠢ ᠳᠠᠪᠠᠵᠤ᠂ ᠪᠦᠷ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ | ᠵᠢᠷᠭᠤᠭᠠᠨ ᠢᠨᠵᠧᠨᠧᠷᠢᠩ ᠰᠠᠶᠢᠲᠤᠷ ᠠᠬᠢᠪᠠ | | •ᠳᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠰᠠᠨᠠᠯ︾ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢ ᠪᠣᠳᠠᠲᠠᠢ | ᠨᠠᠶᠢᠳᠠᠪᠤᠷᠢᠵᠢᠭᠤᠯᠵᠤ᠂ ᠳᠠᠩᠰᠠᠨ ᠳᠤ ᠣᠷᠣᠭᠤᠯᠤᠭᠰᠠᠨ ᠴᠢᠬᠤᠯᠠ ᠶᠡᠭᠡ 96 ᠲᠥᠷᠥᠯ ᠵᠦᠢᠯ ᠤᠨ 63 ᠨᠢ | ᠠᠵᠢᠯ ᠢᠶᠠᠨ ᠡᠬᠢᠯᠡᠭᠦᠯᠵᠦ᠂ 224.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | | •180 ᠲᠦᠮᠡᠨ ᠺᠢᠯᠣᠸᠠᠲ ᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠪᠦᠭᠦ | ᠲᠠᠯ᠎ᠠ ᠪᠠᠷ ᠥᠷᠨᠢᠭᠦᠯᠵᠦ᠂ 26.4 ᠲᠦᠮᠡᠨ ᠮᠦ ᠡᠯᠡᠰᠦ ᠶᠢ ᠵᠠᠰᠠᠬᠤ ᠵᠢᠯ ᠤᠨ ᠡᠭᠦᠷᠭᠡ ᠪᠠᠨ ᠪᠦᠭᠦᠨ ᠢ | ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠥᠷᠭᠡᠳᠬᠡᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠤᠣᠰ | ᠠᠮᠵᠢᠯᠲᠠ ᠶᠢ ᠪᠡᠶᠡᠯᠡᠭᠦᠯᠪᠡ᠃ | | •ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠤᠨ ᠲᠠᠯ᠎ᠠ ᠪᠠᠷ᠂ ᠬᠤᠲᠠ ᠪᠠᠯᠭᠠᠰᠤᠨ ᠤ | ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ | ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠭᠦ 11 ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ | ᠳᠠᠭᠤᠰᠬᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | •ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠤᠯᠠᠷᠢᠯ ᠪᠦᠷᠢ ᠳᠤ ᠬᠤᠷᠠᠯᠳᠤᠭᠤᠯᠵᠤ᠂ ᠦᠨᠡᠨ ᠪᠣᠳᠠᠲᠠᠢ ᠪᠠᠷ ᠠᠵᠤ | ᠠᠬᠤᠶᠢᠯᠠᠯ ᠳᠤ ᠬᠦᠴᠢᠷ ᠶᠠᠪᠤᠳᠠᠯ ᠢ ᠰᠢᠢᠳᠪᠦᠷᠢᠯᠡᠨ ᠥᠭᠴᠦ᠂ ᠢᠲᠡᠭᠡᠮᠵᠢ ᠠᠯᠳᠠᠭᠰᠠᠨ 32 ᠠᠰᠠᠭᠤᠳᠠᠯ ᠢ | ᠪᠦᠭᠦᠨ ᠢ ᠰᠢᠢᠳᠪᠦᠷᠢᠯᠡᠵᠦ ᠥᠭᠪᠡ᠃ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠡᠵᠡᠩᠨᠡᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠪᠣᠳᠠᠲᠤ ᠦᠷ᠎ᠡ ᠪᠦᠲᠦᠮᠵᠢ ᠣᠯᠵᠤ᠂ 4170 ᠵᠠᠰᠠᠭ ᠤᠨ ᠶᠠᠪᠤᠳᠠᠯ ᠤᠨ | ᠵᠦᠢᠯᠡᠰ ᠢ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠬᠡᠬᠦ︾ ᠶᠢ ᠪᠡᠶᠡᠯᠡᠭᠦᠯᠵᠦ᠂ 11 ᠥᠪᠡᠷᠮᠢᠴᠡ | ᠣᠨᠴᠠᠯᠢᠭᠲᠤ ︽ᠨᠢᠭᠡ ᠶᠠᠪᠤᠳᠠᠯ︾ ᠢ ᠲᠥᠪᠯᠡᠷᠡᠭᠦᠯᠦᠨ ᠭᠦᠢᠴᠡᠳᠬᠡᠬᠦ ᠶᠢ ᠪᠡᠶᠡᠯᠡᠭᠦᠯᠵᠦ᠂ 3 ᠨᠢᠭᠡᠴᠢ ᠪᠦᠭᠦ | ᠤᠯᠤᠰ ᠤᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠭᠰᠡᠨ︾ ᠨᠡᠶᠢᠲᠡᠯᠢᠭ | ᠵᠢᠱᠢᠶ᠎ᠡ ᠪᠠᠷ ᠦᠨᠡᠯᠡᠭᠳᠡᠪᠡ᠃ | | •ᠰᠢᠨᠵᠢᠯᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠢᠨᠵᠧᠨᠧᠷᠢᠩ ᠤᠨ ᠲᠠᠯ᠎ᠠ ᠪᠠᠷ᠂ | ᠭᠤᠣᠯᠳᠠᠯᠭ᠎ᠠ ᠲᠠᠢ ᠬᠦᠷᠢᠶᠡᠨ ᠤ ᠰᠢᠨᠵᠢᠯᠡᠭᠡ ᠮᠡᠷᠭᠡᠵᠢᠯ ᠤᠨ ᠪᠣᠭᠤᠮᠲᠠ ᠰᠢᠪᠲᠤᠯᠬᠤ 38 ᠲᠥᠷᠥᠯ ᠵᠦᠢᠯ ᠢ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠳᠤ 2 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ | ᠪᠦᠭᠦ ᠠᠶᠢᠮᠠᠭ ᠤᠨ ᠠᠩᠬᠠᠳᠠᠭᠴᠢ ᠤᠯᠤᠰ ᠤᠨ ᠲᠡᠰ ᠤᠨ ᠠᠬᠠᠯᠠᠭᠴᠢ ᠳ᠋ᠣᠺᠲ᠋ᠣᠷ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠥᠷᠲᠡᠭᠡ ᠶᠢ ᠫᠠᠶᠢᠰᠠ ᠡᠯᠭᠦᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠡᠭᠦᠳᠦᠯᠲᠡ ᠶᠢᠨ46 ᠲᠠᠪᠴᠠᠩ ᠢ ᠰᠢᠨ᠎ᠡ ᠪᠠᠷ ᠨᠡᠮᠡᠭᠳᠡᠭᠦᠯᠪᠡ᠃ | ᠠᠵᠤ ᠠᠬᠤᠢ ᠶᠢᠨ ᠬᠥᠭᠵᠢᠯᠲᠡ ᠡᠷᠴᠢᠮᠯᠢᠭ ᠪᠣᠯᠪᠠ | | •ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠵᠦ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠢ 23% | ᠪᠠᠷ ᠨᠡᠮᠡᠭᠳᠡᠭᠦᠯᠦᠨ᠂ ᠳᠡᠭᠡᠳᠦ ᠰᠢᠨ᠎ᠡ ᠮᠡᠷᠭᠡᠵᠢᠯ ᠪᠠ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠲᠤᠰ | ᠲᠤᠰ 22% ᠪᠠ 50% ᠪᠠᠷ ᠨᠡᠮᠡᠭᠳᠡᠵᠦ᠂ ᠬᠥᠭᠵᠢᠯᠲᠡ ᠶᠢᠨ ᠰᠡᠯᠭᠦᠬᠦ ᠬᠦᠴᠦᠨ ᠪᠠ ᠰᠢᠨ᠎ᠡ ᠶᠢ ᠡᠭᠦᠳᠬᠦ | ᠴᠢᠳᠠᠪᠤᠷᠢ ᠦᠷᠭᠦᠯᠵᠢᠯᠡᠨ ᠴᠢᠩᠭᠠᠷᠠᠪᠠ ᠃ | | •ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠵᠤ᠂ 28 ᠴᠢᠬᠤᠯᠠ ᠶᠡᠭᠡ ᠲᠥᠷᠥᠯ ᠵᠦᠢᠯ ᠳᠤ ᠭᠡᠷ᠎ᠡ ᠲᠣᠭᠲᠠᠨ᠂ ᠣᠷᠣᠨ ᠤ | ᠭᠠᠳᠠᠨᠠᠬᠢ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠨᠤᠷᠮ᠎ᠠ 43% ᠪᠠᠷ ᠨᠡᠮᠡᠭᠳᠡᠵᠦ᠂ 134 ᠴᠢᠬᠤᠯᠠ ᠶᠡᠭᠡ | ᠲᠥᠷᠥᠯ ᠵᠦᠢᠯ ᠤᠨ ᠪᠡᠯᠡ ᠣᠷᠣᠭᠤᠯᠤᠯᠲᠠ ᠶᠢ 385.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠣᠷᠣᠨ ᠪᠦᠭᠦ ᠤᠯᠤᠰ ᠤᠨ ᠵᠠᠭᠤᠨ ᠬᠦᠴᠦᠷᠬᠡᠭ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠣᠷᠣᠪᠠ᠃ | | • ︽ᠰᠡᠳᠬᠢᠯ ᠢ ᠲᠠᠲᠠᠭᠰᠠᠨ ᠠᠯᠠᠱᠠ ᠨᠤᠲᠤᠭ ᠢ ᠵᠣᠷᠢᠨᠠᠮ︾ ᠰᠣᠶᠣᠯ ᠵᠢᠭᠤᠯᠴᠢᠯᠠᠯ ᠤᠨ ᠨᠠᠷᠠᠲᠤ | ᠲᠥᠷᠥᠯ ᠲᠡᠮᠳᠡᠭᠲᠦ ᠶᠢ ᠪᠦᠭᠦ ᠲᠠᠯ᠎ᠠ ᠪᠠᠷ ᠡᠭᠦᠳᠴᠦ᠂ 4A ᠲᠠᠰ ᠠᠴᠠ ᠳᠡᠭᠡᠭᠰᠢᠬᠢ 16 ᠦᠵᠡᠮᠵᠢ ᠶᠢᠨ ᠣᠷᠣᠨ ᠢ | ᠥᠭᠡᠷᠡᠴᠢᠯᠡᠨ ᠰᠠᠶᠢᠵᠢᠷᠠᠭᠤᠯᠵᠤ᠂ 40 ᠰᠣᠳᠣᠨ ᠵᠠᠮ ᠱᠤᠭᠤᠮ ᠢ ᠡᠭᠦᠳᠦᠨ᠂ ᠣᠨᠴᠠᠯᠢᠭᠲᠤ ᠰᠣᠶᠣᠯ | ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ 130 ᠭᠠᠷᠤᠢ ᠲᠠᠯᠠᠪᠤᠷ ᠤᠳᠠᠭ᠎ᠠ ᠡᠷᠭᠢᠯᠡᠵᠦ᠂ | ᠵᠤᠭᠠᠴᠠᠭᠰᠠᠳ 1000 ᠲᠦᠮᠡᠨ ᠬᠥᠮᠥᠨ ᠤᠳᠠᠭ᠎ᠠ ᠶᠢ ᠳᠠᠪᠠᠵᠤ᠂ ᠵᠢᠭᠤᠯᠴᠢᠯᠠᠯ ᠤᠨ ᠣᠷᠣᠯᠭ᠎ᠠ 100 | ᠳ᠋ᠦᠩᠰᠢᠭᠤᠷ ᠲᠥᠭᠦᠷᠢᠭ ᠢ ᠳᠠᠪᠠᠪᠠ᠃ | | •ᠳᠣᠣᠷ᠎ᠠ ᠣᠭᠲᠠᠷᠭᠤᠢ ᠶᠢᠨ ᠠᠵᠤ ᠠᠬᠤᠢ ᠶᠢ ᠬᠥᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ | ᠮᠠᠨ ᠤ ᠤᠯᠤᠰ ᠤᠨ ᠠᠩᠬᠠᠳᠠᠭᠴᠢ ᠲᠣᠭᠤᠷᠢᠯᠲᠠ ᠵᠠᠮ ᠤᠨ ᠠᠴᠢᠶᠠᠯᠠᠪᠤᠷᠢ ᠶᠢᠨ ᠲᠡᠶᠢᠷᠦᠯᠲᠦ ᠰᠤᠮᠤ ᠶᠢᠨ | ᠥᠨᠳᠥᠷ ᠲᠤ ᠨᠢᠰᠬᠦ ᠲᠤᠷᠰᠢᠯᠲᠠ ᠶᠢ ᠠᠮᠵᠢᠯᠲᠠ ᠲᠠᠢ ᠥᠷᠨᠢᠭᠦᠯᠵᠦ᠂ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡᠨ ᠳᠠᠬᠢ ᠠᠵᠢᠯ ᠦᠢᠯᠡᠰ ᠢ ᠨᠡᠭᠡᠭᠡᠪᠡ᠃ | | ᠡᠨᠡ ᠨᠢᠭᠡ ᠵᠢᠯ ᠳᠤ᠂ ᠪᠦᠭᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | 6% ᠪᠠᠷ ᠨᠡᠮᠡᠭᠳᠡᠨ᠂ ᠪᠦᠭᠦ ᠣᠷᠣᠨ ᠤ ᠳᠥᠷᠪᠡᠳᠦᠭᠡᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 13.2% ᠢᠶᠠᠷ ᠨᠡᠮᠡᠭᠳᠡᠨ᠂ ᠪᠦᠭᠦ ᠣᠷᠣᠨ ᠤ ᠬᠤᠶᠠᠳᠤᠭᠠᠷ ᠲᠤ ᠣᠷᠣᠪᠠ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.5% ᠪᠠᠷ ᠨᠡᠮᠡᠭᠳᠡᠨ᠂ ᠪᠦᠭᠦ ᠣᠷᠣᠨ ᠤ ᠵᠢᠷᠭᠤᠳᠤᠭᠠᠷ ᠲᠤ | ᠣᠷᠣᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 8% ᠪᠠᠷ ᠨᠡᠮᠡᠭᠳᠡᠨ᠂ ᠪᠦᠭᠦ ᠣᠷᠣᠨ ᠤ | ᠳᠥᠷᠪᠡᠳᠦᠭᠡᠷ ᠲᠤ ᠵᠢᠭᠰᠠᠭᠠᠭᠳᠠᠵᠤ᠂ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ | | ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢᠨ ᠠᠮᠵᠢᠯᠲᠠ ᠮᠡᠳᠡᠭᠳᠡᠮ᠎ᠡ | | •ᠪᠦᠭᠦ ᠵᠢᠯ ᠳᠤ ᠬᠤᠲᠠ ᠪᠠᠯᠭᠠᠰᠤᠨ ᠤ 3344 ᠬᠥᠮᠥᠨ ᠳᠤ ᠰᠢᠨ᠎ᠡ ᠪᠠᠷ ᠠᠵᠢᠯ ᠣᠯᠭᠤᠵᠤ᠂ | 3537 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠣᠰ ᠲᠣᠰ 3.7% ᠪᠠ 4.8% ᠪᠠᠷ ᠨᠡᠮᠡᠭᠳᠡᠭᠦᠯᠪᠡ᠃ | | | • ᠬᠠᠮᠲᠤᠷᠠᠯᠴᠠᠨ ᠰᠤᠷᠭᠠᠭᠤᠯᠢ ᠡᠷᠭᠢᠯᠡᠭᠦ᠂ ᠲᠠᠪᠴᠠᠩ ᠤᠨ ᠭᠡᠯᠪᠡᠷᠢ ᠶᠢᠨ ᠡᠮᠨᠡᠯᠭᠡ ᠶᠢᠨ | ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠦᠷ᠎ᠡ ᠪᠦᠲᠦᠮᠵᠢ ᠲᠠᠢ ᠪᠣᠯᠵᠤ᠂ ᠪᠡᠭᠡᠵᠢᠩ᠂ ᠭᠦᠭᠡᠬᠤᠲᠠ | ᠵᠡᠷᠭᠡ ᠭᠠᠵᠠᠷ ᠤᠨ ᠨᠠᠷᠠᠲᠤ ᠰᠤᠷᠭᠠᠭᠤᠯᠢ ᠲᠠᠢ ᠬᠠᠮᠲᠤᠪᠠᠷ ᠪᠠᠶᠢᠭᠤᠯᠬᠤ ᠰᠤᠷᠭᠠᠭᠤᠯᠢ ᠶᠢ 32 ᠵᠣᠬᠢᠶᠠᠨ ᠪᠠᠶᠢᠭᠤᠯᠵᠤ᠂ | ᠣᠷᠣᠨ ᠤ ᠳᠣᠲᠣᠷ᠎ᠠ ᠭᠠᠳᠠᠨᠠᠬᠢ 30 ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ | ᠪᠦᠭᠦ ᠤᠯᠤᠰ ᠤᠨ ᠬᠡᠪᠴᠢᠶᠡᠨ ᠤ ᠡᠮᠴᠢᠯᠡᠭᠡᠨ ᠤ ᠳᠠᠭᠠᠳᠬᠠᠯ ᠤᠨ ᠴᠡᠭ ᠢᠶᠠᠷ ᠲᠣᠭᠲᠠᠭᠠᠭᠰᠠᠨ ᠡᠮ ᠤᠨ | ᠳᠡᠯᠭᠡᠭᠦᠷ ᠠᠴᠠ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠭᠥᠯᠢᠶᠡᠨ ᠠᠪᠴᠤ ᠡᠮᠴᠢᠯᠡᠬᠦ᠂ ᠡᠮᠨᠡᠯᠭᠡ ᠳᠤ | ᠰᠠᠭᠤᠬᠤ ᠨᠣᠷᠮ᠎ᠠ ᠢᠯᠡᠳᠲᠡ ᠨᠡᠮᠡᠭᠳᠡᠪᠡ᠃ | | •ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠭᠤᠣᠯᠳᠠᠯᠭ᠎ᠠ ᠲᠠᠢ ᠵᠠᠮ | ᠬᠠᠷᠢᠯᠴᠠᠭᠠᠨ ᠤ ᠲᠥᠷᠥᠯ ᠵᠦᠢᠯ ᠢ 6 ᠬᠡᠷᠡᠭᠵᠢᠭᠦᠯᠵᠦ᠂ G1817 ᠪᠠᠶᠠᠨᠬᠤᠳᠳᠤᠭ ᠠᠴᠠ ᠪᠠᠶᠠᠨᠬᠤᠲᠠ ᠬᠦᠷᠬᠦ | ᠵᠠᠮ ᠢ ᠨᠠᠪᠲᠠᠷᠡᠭᠦᠯᠵᠦ᠂ G213 ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ | ᠬᠦᠷᠲᠡᠯᠡᠬᠢ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ᠂ ᠢᠷᠭᠠᠢ ᠠᠴᠠ ᠪᠠᠶᠠᠨᠬᠤᠲᠠ ᠬᠦᠷᠬᠦ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠴᠠᠭᠠᠨ ᠳᠡᠷᠡᠰᠦ ᠠᠴᠠ ᠪᠠᠶᠠᠨᠬᠤᠲᠠ | ᠬᠦᠷᠬᠦ ᠲᠡᠮᠦᠷ ᠵᠠᠮ ᠤᠨ ᠪᠠᠷᠢᠯᠭ᠎ᠠ ᠶᠢ ᠪᠦᠭᠦ ᠲᠠᠯ᠎ᠠ ᠪᠠᠷ ᠡᠬᠢᠯᠡᠭᠦᠯᠦᠨ᠂ ᠬᠥᠯᠥᠨ ᠪᠤᠶᠢᠷ᠂ ᠲᠦᠩᠯᠢᠶᠣᠣ ᠵᠡᠷᠭᠡ 4 | ᠠᠶᠢᠮᠠᠭ ᠬᠤᠲᠠ ᠶᠢᠨ ᠰᠠᠯᠪᠤᠷᠢ ᠠᠶᠠᠯᠠᠯ ᠤᠨ ᠱᠤᠭᠤᠮ ᠢ ᠨᠡᠪᠲᠡᠷᠡᠭᠦᠯᠪᠡ᠃ | | •ᠤᠰᠤᠨ ᠤ ᠬᠦᠴᠢᠷᠳᠡᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠦᠭᠦ ᠣᠷᠣᠨ ᠳᠤ | ᠤᠷᠢᠳᠠᠪᠠᠷ ᠣᠬᠤᠷ ᠬᠤᠭᠤᠴᠠᠭᠠᠨ ᠤ ᠤᠰᠤᠨ ᠤ ᠡᠷᠬᠡ ᠶᠢᠨ ᠠᠷᠠᠯᠵᠢᠶ᠎ᠠ ᠶᠢ ᠥᠷᠨᠢᠭᠦᠯᠵᠦ᠂ ᠠᠶᠢᠮᠠᠭ ᠬᠤᠲᠠ | ᠠᠯᠤᠰᠯᠠᠭᠰᠠᠨ ᠤᠰᠤᠨ ᠤ ᠡᠷᠬᠡ ᠶᠢ 1050 ᠲᠦᠮᠡᠨ ᠪᠣᠰᠤᠭ᠎ᠠ ᠳᠥᠷᠪᠡᠯᠵᠢᠨ ᠮᠧᠲᠷ ᠣᠯᠵᠤ᠂ ᠤᠰᠤ ᠠᠷᠪᠢᠯᠠᠨ | ᠬᠠᠩᠭᠠᠯᠭ᠎ᠠ ᠶᠢ ᠨᠡᠮᠡᠭᠳᠡᠭᠦᠯᠬᠦ ᠶᠢ 923 ᠲᠦᠮᠡᠨ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠪᠡ᠃ | | • ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡ | ᠴᠣᠭᠴᠠᠵᠢᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠲᠣᠣᠷ ᠢ 400 ᠺᠢᠯᠣᠮᠧᠲᠷ ᠳᠡᠰ | ᠳᠡᠪᠰᠢᠭᠦᠯᠵᠦ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ 46 ᠪᠠᠶᠢᠭᠤᠯᠵᠤ᠂ | ᠤᠰᠤ ᠴᠠᠭᠢᠯᠭᠠᠨ ᠵᠠᠮ ᠴᠢᠮᠡᠭᠡ ᠨᠡᠪᠲᠡᠷᠡᠭᠦᠯᠭᠡ ᠶᠢ ᠪᠦᠷᠢᠨ ᠪᠦᠷᠬᠦᠭᠦᠯᠵᠦ᠂ ᠨᠠᠮ ᠵᠠᠰᠠᠭ᠂ ᠴᠡᠷᠢᠭ ᠴᠠᠭᠳᠠᠭ᠎ᠠ᠂ | ᠠᠵᠤ ᠠᠬᠤᠶᠢᠯᠠᠯ᠂ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠰᠠᠬᠢᠬᠤ ᠰᠢᠨ᠎ᠡ ᠵᠠᠭᠪᠤᠷ ᠤᠨ | ᠦᠢᠯᠡᠳᠦᠯ ᠢ ᠤᠯᠠᠮ ᠢᠶᠠᠷ ᠢᠯᠡᠷᠡᠭᠦᠯᠪᠡ᠃ | | ᠨᠠᠮ ᠢ ᠬᠠᠮᠢᠶᠠᠷᠴᠤ ᠨᠠᠮ ᠢ ᠵᠠᠰᠠᠬᠤ | ᠠᠵᠢᠯ ᠤᠯᠠᠮ ᠭᠦᠨᠵᠡᠭᠡᠶᠢᠷᠡᠪᠡ | | •ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠲᠣᠭᠤᠷᠢᠨ | ᠪᠠᠶᠢᠴᠠᠭᠠᠬᠤ᠂ ᠬᠢᠨᠠᠨ ᠪᠤᠳᠤᠬᠤ ᠵᠡᠷᠭᠡ ᠡᠯ᠎ᠡ ᠲᠥᠷᠥᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ | ᠨᠠᠷᠢᠨ ᠬᠢᠨᠠᠮᠠᠭᠠᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ︽ᠰᠢᠨ᠎ᠡ | ᠳᠦᠷᠢ ᠲᠥᠷᠬᠦ ᠶᠢᠨ ᠢᠨᠵᠧᠨᠧᠷᠢᠩ︾ ᠢ ᠴᠢᠩᠭ᠎ᠠ ᠰᠡᠷᠭᠡᠶᠢᠯᠡᠨ ᠵᠠᠯᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ | ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠠᠭ ᠲᠤᠬᠠᠢ | ᠳᠤᠨᠢ ᠰᠢᠢᠳᠪᠦᠷᠢᠯᠡᠵᠦ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠡᠷᠬᠡ ᠬᠠᠷᠢᠭᠤᠴᠠᠯᠭ᠎ᠠ ᠶᠢᠨ ᠬᠡᠷᠡᠭ | ᠶᠠᠪᠤᠳᠠᠯ ᠤᠨ ᠨᠠᠷᠢᠨ ᠲᠠᠩᠰᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠶᠢᠮᠠᠭ᠂ ᠬᠤᠰᠢᠭᠤ ᠠᠴᠠ ᠦᠨᠳᠦᠰᠦᠨ | ᠱᠠᠲᠤ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠰ ᠲᠣᠰ 20%᠂ 46% ᠪᠠᠷ ᠪᠠᠭᠠᠰᠬᠠᠵᠤ᠂ | ᠦᠨᠳᠦᠰᠦᠨ ᠱᠠᠲᠤᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | | • ᠪᠣᠳᠠᠲᠠᠢ ᠠᠵᠢᠯᠯᠠᠨ ᠪᠣᠳᠠᠲᠤ ᠠᠮᠵᠢᠯᠲᠠ ᠪᠦᠲᠦᠮᠵᠢ ᠣᠯᠬᠤ ᠪᠠᠷ ᠤᠳᠤᠷᠢᠳᠤᠮᠵᠢ ᠪᠤᠯᠭᠠᠬᠤ ᠶᠢ | ᠴᠢᠬᠤᠯᠠᠴᠢᠯᠠᠵᠤ᠂ ︽ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ 22 | ᠰᠢᠯᠭᠠᠷᠠᠭᠤᠯᠤᠨ᠂ ᠡᠭᠦᠨ ᠤ ᠳᠣᠲᠣᠷᠠᠬᠢ 19 ᠶᠢ ᠳᠡᠪᠰᠢᠭᠦᠯᠦᠨ ᠬᠦᠨᠳᠦ ᠪᠠᠷ ᠬᠡᠷᠡᠭᠯᠡᠵᠦ᠂ ᠺᠠᠳ᠋ᠷ ᠤᠨ ᠡᠩᠨᠡᠭᠡᠨ ᠤ | ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠨᠡᠩ ᠪᠠᠳᠠᠷᠠᠭᠤᠯᠪᠠ᠃ | •ᠴᠢᠩᠭ᠎ᠠ ᠪᠠᠶᠢᠬᠤ ᠦᠨᠳᠦᠰᠦᠨ ᠠᠶᠢᠵᠠᠮ ᠢ ᠢᠮᠠᠭᠲᠠ ᠪᠠᠷᠢᠮᠲᠠᠯᠠᠵᠤ᠂ ᠠᠰᠠᠭᠤᠳᠠᠯ ᠤᠨ | ᠰᠦᠪᠡᠭᠴᠢ ᠶᠢ 767 ᠬᠤᠪᠢ ᠰᠢᠢᠳᠪᠦᠷᠢᠯᠡᠨ᠂ 235 ᠬᠥᠮᠥᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ | ᠰᠢᠢᠳᠬᠡᠯ ᠥᠭᠴᠦ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠪᠠ᠃ |