| 5 ᠰᠠᠷ᠎ᠠ ᠶᠢᠨ 12 ᠤᠨ ᠡᠳᠦᠷ᠂ 17 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠡᠳᠦᠷ ᠲᠤ᠂ ᠠᠯᠠᠱᠠ ᠵᠡᠭᠦᠨ ᠬᠤᠰᠢᠭᠤ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠨ᠂ ᠪᠠᠴᠢᠮ | ᠪᠠᠶᠢᠳᠠᠯ ᠢ ᠠᠷᠭᠠᠴᠠᠭᠠᠵᠤ᠂ ᠳᠡᠷᠭᠡᠳᠡᠬᠢ ᠳᠠᠯᠳᠠ ᠭᠡᠮ ᠢ ᠨᠠᠷᠢᠪᠴᠢᠯᠠᠨ ᠪᠠᠶᠢᠴᠠᠭᠠᠬᠤ︾ ᠪᠠᠷ ᠰᠡᠳᠦᠪ ᠪᠣᠯᠭᠠᠭᠰᠠᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠵᠣᠬᠢᠶᠠᠨ | ᠪᠠᠢᠭᠤᠯᠵᠤ ᠥᠷᠨᠢᠭᠦᠯᠪᠡ᠃ | | | | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠨᠢᠭᠡᠴᠡ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ | ᠡᠯᠭᠦᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ᠂ ᠪᠠᠶᠢᠭᠠᠯᠢ ᠶᠢᠨ ᠭᠠᠮᠰᠢᠭ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠭᠤᠭᠠᠯᠢ ᠠᠷᠠᠳ ᠣᠯᠠᠨ ᠳᠤ ᠭᠠᠮᠰᠢᠭ ᠢ ᠰᠡᠷᠭᠡᠶᠢᠯᠡᠬᠦ᠂ ᠥᠪᠡᠷ ᠢ ᠪᠠᠨ ᠠᠪᠤᠷᠠᠬᠤ ᠠᠷᠭ᠎ᠠ ᠬᠡᠮᠵᠢᠶ᠎ᠡ ᠪᠠ | ᠠᠶᠤᠯ ᠠᠴᠠ ᠵᠠᠶᠢᠯᠠᠬᠤ ᠵᠠᠷᠴᠢᠮ ᠢ ᠲᠦᠭᠡᠮᠡᠯᠵᠢᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ | ᠪᠠᠭᠠᠵᠢ ᠬᠡᠷᠡᠭᠰᠡᠯ ᠢ ᠬᠡᠷᠡᠭᠯᠡᠬᠦ᠂ ᠲᠣᠨᠤᠭ ᠲᠥᠬᠦᠭᠡᠷᠦᠮᠵᠢ ᠶᠢ ᠠᠵᠢᠯᠯᠠᠭᠤᠯᠬᠤ ᠵᠡᠷᠭᠡ ᠦᠵᠡᠭᠦᠯᠦᠯᠭᠡ ᠬᠢᠵᠡᠶ᠃ | ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠨᠡᠶᠢᠲᠡ 41 ᠤᠬᠠᠭᠤᠯᠭ᠎ᠠ ᠶᠢᠨ ᠪᠣᠯᠣᠩ | ᠭᠠᠷᠭᠠᠵᠤ᠂ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠩᠰᠢᠬᠤ ᠪᠢᠴᠢᠭ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠮᠢᠩᠭ᠎ᠠ ᠭᠠᠷᠤᠶ ᠬᠤᠪᠢ ᠲᠠᠷᠬᠠᠭᠠᠵᠤ᠂ | ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠦᠨ᠎ᠡ ᠲᠦᠯᠪᠦᠷᠢ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠵᠡᠷᠭᠡ | ᠠᠵᠢᠯᠯᠠᠭ᠎ᠠ ᠥᠷᠨᠢᠭᠦᠯᠪᠡ᠃ | |