ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠡᠭᠡᠰᠦ ᠥᠰᠦᠷᠬᠦ ᠶᠢ ᠮᠣᠩᠭᠤᠯ ᠪᠦᠵᠢᠭ ᠲᠠᠢ ᠤᠶᠠᠯᠳᠤᠭᠤᠯᠪᠠ
ᠨᠡᠶᠢᠲᠡᠯᠡᠭᠰᠡᠨ ᠴᠠᠭ᠄
2025/5/26
  ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠳᠡᠭᠡᠰᠦ ᠤᠷᠠᠨ ᠢᠶᠠᠷ ᠦᠰᠦᠷᠬᠦ ᠬᠢᠴᠢᠶᠡᠯ ᠨᠢ ᠲᠣᠰ ᠰᠤᠷᠭᠠᠭᠤᠯᠢ ᠶᠢᠨ ᠥᠪᠡᠷᠮᠢᠴᠡ ᠤᠨᠴᠠᠯᠢᠭᠳᠤ ᠬᠢᠴᠢᠶᠡᠯ ᠲᠦᠷᠦᠯ ᠪᠣᠯᠣᠭᠰᠠᠨ ᠪᠦᠭᠡᠳ 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠤ ᠳᠡᠭᠡᠰᠦ ᠤᠷᠠᠨ ᠢᠶᠠᠷ ᠦᠰᠦᠷᠬᠦ ᠲᠥᠷᠥᠯ ᠵᠦᠢᠯ ᠤᠨ ᠠᠩᠬ᠎ᠠ ᠳᠤᠮᠳᠠᠳᠤ ᠶᠢᠨ ᠳᠤᠭᠤᠶᠢᠯᠠᠩ ᠨᠢ 1 ᠮᠢᠨᠦ᠋ᠲ ᠲᠤ ᠠᠷᠪᠠᠨ ᠬᠥᠮᠦᠨ ᠬᠠᠮᠳᠣ ᠪᠠᠷ ᠳᠡᠭᠡᠰᠦ ᠥᠰᠦᠷᠬᠦ ᠣᠷᠣᠯᠳᠣᠭᠠᠨ ᠤ ᠭᠤᠷᠪᠠᠳᠤᠭᠠᠷ ᠨᠡᠷᠡᠰ ᠲᠤ ᠣᠷᠣᠪᠠ᠃   ᠣᠳᠣᠬᠠᠨ ᠳᠤ ᠲᠣᠰ ᠰᠤᠷᠭᠠᠭᠤᠯᠢ ᠶᠢᠨ ᠳᠡᠭᠡᠰᠦ ᠤᠷᠠᠨ ᠢᠶᠠᠷ ᠦᠰᠦᠷᠬᠦ ᠬᠢᠴᠢᠶᠡᠯ ᠨᠢ ᠨᠢᠭᠡᠨᠲᠡ ᠮᠢᠩᠭ᠎ᠠ ᠭᠠᠷᠤᠶ ᠰᠤᠷᠤᠭᠴᠢᠳ ᠲᠤ ᠠᠰᠢᠭ ᠬᠦᠷᠲᠡᠭᠡᠵᠦ᠂ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠴᠤᠭ ᠵᠢᠪᠬᠤᠭ᠎ᠠ ᠪᠠ ᠴᠣᠪᠣᠭᠤ ᠰᠡᠷᠭᠦᠯᠡᠩ ᠢ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号