| ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠸᠧᠶ ᠠᠪᠤᠭᠠᠢ ᠲᠦᠷᠢᠶᠡᠰᠦᠨ ᠮᠠᠰᠢᠨ ᠲᠡᠷᠭᠡ ᠪᠠᠷᠢᠭᠠᠳ ᠨᠢᠭᠡᠨᠲᠡ | 10 ᠵᠢᠯ ᠰᠢᠬᠠᠮ ᠪᠣᠯᠵᠠᠶ᠂ ᠡᠭᠦᠨ ᠠᠴᠠ ᠡᠮᠦᠨ᠎ᠡ ᠰᠢᠲᠠᠭᠠᠯᠭ᠎ᠠ ᠶᠢᠨ ᠲᠣᠰᠣᠨ ᠤ ᠲᠦᠷᠢᠶᠡᠰᠦᠨ ᠮᠠᠰᠢᠨ ᠲᠡᠷᠭᠡ ᠶᠢ | ᠪᠦᠬᠦᠯᠢ 8 ᠵᠢᠯ ᠪᠠᠷᠢᠭᠠᠳ᠂ ᠬᠡᠷᠡᠭᠯᠡᠭᠡ ᠠᠴᠠ ᠭᠠᠷᠭᠠᠭᠰᠠᠨ ᠪᠣᠯᠬᠤᠷ ᠰᠢᠨ᠎ᠡ ᠲᠦᠷᠢᠶᠡᠰᠦᠨ ᠮᠠᠰᠢᠨ ᠲᠡᠷᠭᠡ | ᠰᠣᠯᠢᠬᠤ ᠳᠤ ᠪᠠᠨ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠰᠣᠩᠭᠤᠪᠠ᠃ ᠡᠨᠡ ᠮᠠᠰᠢᠨ ᠢ | ᠰᠣᠩᠭᠤᠬᠤ ᠳᠤ᠂ ᠸᠧᠶ ᠠᠪᠤᠭᠠᠢ ᠨᠢᠭᠡ ᠲᠠᠯ᠎ᠠ ᠪᠠᠷ ᠰᠢᠨ᠎ᠡ ᠴᠠᠭ ᠦᠶ᠎ᠡ ᠶᠢᠨ ᠪᠣᠬᠢᠷᠲᠤᠯ ᠥᠬᠡᠶ ᠱᠠᠭᠠᠷᠳᠠᠯᠭ᠎ᠠ ᠪᠠ | ᠤᠷᠢᠶᠠᠯᠠᠭ᠎ᠠ ᠶᠢ ᠳᠠᠭᠠᠵᠤ᠂ ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠬᠤᠳᠠᠯᠳᠤᠨ | ᠠᠪᠬᠤ ᠲᠥᠷᠥ ᠶᠢᠨ ᠪᠣᠳᠣᠯᠭ᠎ᠠ ᠮᠠᠰᠢ ᠰᠠᠶᠢᠨ ᠪᠠᠶᠢᠵᠤ᠂ ᠨᠥᠬᠦᠪᠥᠷᠢ ᠨᠢ 4 ᠲᠦᠮᠡᠨ ᠲᠥᠭᠦᠷᠢᠭ ᠪᠥᠭᠡᠳ | ᠡᠵᠡᠩᠨᠡᠯᠲᠡ ᠶᠢᠨ ᠥᠪᠡᠷ ᠤᠨ ᠥᠷᠲᠡᠭ ᠪᠠ ᠰᠡᠯᠪᠢᠨ ᠵᠠᠰᠠᠬᠤ ᠥᠪᠡᠷ ᠤᠨ ᠥᠷᠲᠡᠭ ᠨᠢ ᠴᠦ ᠪᠠᠭᠤᠷᠠᠭᠰᠠᠨ ᠪᠠᠶᠢᠪᠠ᠃ | | | ᠠᠯᠠᠱᠠ ᠵᠡᠭᠦᠨ ᠬᠤᠰᠢᠭᠤᠨ ᠤ ᠬᠤᠲᠠ ᠶᠢᠨ ᠣᠯᠠᠨ ᠨᠡᠶᠢᠲᠡ ᠶᠢᠨ ᠠᠶᠠᠨᠴᠢᠳ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠲᠥᠪ ᠤᠨ ᠡᠷᠬᠢᠯᠡᠭᠴᠢ ᠮᠠ ᠰᠢᠤᠸᠠᠢ ᠹᠧᠩ᠄ ︽ᠲᠦᠷᠢᠶᠡᠰᠦᠨ ᠮᠠᠰᠢᠨ ᠲᠡᠷᠭᠡ ᠰᠢᠨ᠎ᠡ | ᠡᠨᠧᠷᠭᠢ ᠶᠢᠨ ᠮᠠᠰᠢᠨ ᠲᠡᠷᠭᠡ ᠲᠡᠰᠢ ᠰᠢᠯᠵᠢᠬᠦ ᠪᠣᠯ ᠬᠥᠭᠵᠢᠯ ᠤᠨ ᠶᠡᠭᠡ ᠬᠠᠨᠳᠤᠰᠢ ᠮᠥᠨ᠂ ᠲᠡᠷᠡ ᠨᠢ ᠠᠭᠠᠷ ᠤᠨ | ᠪᠣᠬᠢᠷᠲᠤᠯ ᠢ ᠪᠦᠲᠦᠮᠵᠢᠲᠡᠶ ᠪᠠᠭᠠᠰᠬᠠᠵᠤ ᠴᠢᠳᠠᠬᠤ ᠪᠠᠷ ᠪᠠᠷᠠᠬᠤ ᠥᠬᠡᠶ᠂ ᠪᠠᠰᠠ ᠡᠵᠡᠩᠨᠡᠯᠲᠡ ᠶᠢᠨ ᠥᠪᠡᠷ ᠤᠨ | ᠥᠷᠲᠡᠭ ᠢ ᠪᠠᠭᠤᠷᠠᠭᠤᠯᠪᠡ᠃ ᠵᠠᠯᠭᠠᠭᠠᠳ᠂ ᠪᠢᠳᠡ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ | ᠲᠦᠷᠢᠶᠡᠰᠦᠨ ᠮᠠᠰᠢᠨ ᠲᠡᠷᠭᠡᠨ ᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ﹀ ᠤᠨ ᠲᠥᠷᠥ ᠶᠢᠨ | ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠲᠦᠷᠢᠶᠡᠰᠦᠨ ᠮᠠᠰᠢᠨ ᠲᠡᠷᠭᠡᠨ ᠤ ᠠᠵᠤ | ᠠᠬᠤᠶᠢᠯᠠᠯ ᠪᠣᠯᠤᠨ ᠵᠢᠯᠣᠭᠤᠴᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠰᠣᠯᠢᠬᠤ ᠶᠢ ᠵᠣᠷᠢᠭᠵᠢᠭᠤᠯᠤᠨ᠎ᠠ︾ ᠭᠡᠪᠡ | ᠃ |