︽ᠵᠢᠷᠭᠤᠭᠠᠨ ᠠᠵᠢᠯᠯᠠᠭ᠎ᠠ︾ ᠶᠢᠨ ᠰᠢᠷᠢᠰ ᠮᠡᠳᠡᠭᠡᠯᠡᠯ᠄ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠰᠢᠨ᠎ᠡ ᠶᠢ ᠡᠭᠦᠳᠴᠦ ᠣᠯᠠᠨ ᠲᠠᠯ᠎ᠠ ᠪᠠᠷ ᠬᠦᠴᠦᠯᠡᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠪᠠ
ᠨᠡᠶᠢᠲᠡᠯᠡᠭᠰᠡᠨ ᠴᠠᠭ᠄
2025/5/26
   ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠦᠨᠳᠦᠰᠦᠨ ᠢᠨᠵᠧᠨᠧᠷᠢᠩ ᠪᠣᠯᠤᠨ᠎ᠠ᠃ ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ︽ᠨᠠᠷᠢᠯᠢᠭ ᠣᠨᠣᠴᠠᠲᠠᠶ ᠪᠠᠷ ᠦᠢᠯᠡᠴᠢᠯᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠪᠠᠷ ᠬᠠᠷᠠᠯᠲᠠ ᠪᠣᠯᠭᠠᠵᠤ᠂ ᠣᠯᠠᠨ ᠲᠠᠯ᠎ᠠ ᠠᠴᠠ ᠬᠦᠴᠦᠯᠡᠵᠦ᠂ ᠨᠢᠭᠡ ᠢᠵᠢ ᠠᠵᠢᠯ ᠣᠯᠭᠤᠯᠲᠠ ᠶᠢᠨ ᠦᠢᠯᠡᠴᠢᠯᠡᠭᠡᠨ ᠤ ︽ᠬᠠᠮ ᠠᠷᠭ᠎ᠠ ᠬᠡᠮᠵᠢᠶ᠎ᠡ︾ ᠭᠠᠷᠭᠠᠵᠤ᠂ ᠴᠢᠨᠠᠷ ᠰᠠᠶᠢᠲᠠᠶ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃
   ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ︽ᠲᠥᠷᠥ ᠶᠢᠨ ᠪᠣᠳᠣᠯᠭ᠎ᠠ ᠶᠢᠨ ᠨᠡᠪᠲᠡᠷᠡᠭᠦᠯᠭᠡ︾ ᠪᠣᠯᠭᠠᠵᠤ᠂ ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠬᠡᠷᠡᠭᠯᠡᠬᠦ ᠬᠡᠪᠴᠢᠶ᠎ᠡ᠂ ᠭᠤᠶᠤᠴᠢᠯᠠᠬᠤ ᠨᠥᠬᠦᠴᠡᠯ ᠵᠢᠴᠢ ᠭᠦᠢᠴᠡᠳᠭᠡᠬᠦ ᠴᠤᠪᠤᠷᠠᠯ ᠢ ᠨᠠᠷᠢᠨ ᠲᠠᠶᠢᠯᠪᠤᠷᠢᠯᠠᠪᠠ᠃    ᠨᠠᠷᠢᠯᠢᠭ ᠣᠨᠣᠴᠠᠲᠠᠶ ᠪᠠᠷ ᠠᠵᠢᠯ ᠣᠯᠭᠤᠬᠤ ᠦᠢᠯᠡᠴᠢᠯᠡᠭᠡ ᠶᠢ ᠪᠡᠶᠡᠯᠡᠭᠦᠯᠬᠦ ᠶᠢᠨ ᠲᠥᠯᠥᠭᠡ᠂ ᠠᠯᠠᠱᠠ ᠵᠡᠭᠦᠨ ᠬᠤᠰᠢᠭᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠡᠭᠡᠯᠢ ᠭᠤᠳᠤᠮᠵᠢ ︵ᠨᠡᠶᠢᠭᠡᠮ ᠲᠣᠭᠤᠷᠢᠭ︶᠂ ᠰᠤᠮᠤ ᠪᠠᠯᠭᠠᠰᠤ ︵ᠭᠠᠴᠠᠭ᠎ᠠ ᠲᠣᠰᠬᠤᠨ︶ ᠶᠢᠨ ᠰᠦᠯᠵᠢᠶᠡᠨ ᠤ ᠠᠵᠢᠯᠲᠠᠨ ᠵᠡᠷᠭᠡ ᠬᠦᠴᠦᠨ ᠳᠤ ᠲᠦᠰᠢᠭᠯᠡᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠬᠥᠳᠡᠯᠮᠦᠷᠢ ᠬᠦᠴᠦᠨ ᠳᠤ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠤᠶᠢᠯᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠨ᠂ ᠠᠵᠢᠯ ᠤᠨ ᠪᠠᠶᠢᠷᠢ ᠶᠢᠨ ᠨᠠᠷᠢᠨ ᠲᠠᠩᠰᠠ᠂ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠪᠠ ᠦᠢᠯᠡᠴᠢᠯᠡᠭᠡᠨ ᠤ ᠨᠠᠷᠢᠨ ᠲᠠᠩᠰᠠ ᠶᠢ ᠪᠠᠶᠢᠭᠤᠯᠵᠤ᠂ ︽ᠨᠢᠭᠡ ᠳᠤ ᠨᠢᠭᠡ ᠶᠢ ᠬᠠᠷᠭᠤᠭᠤᠯᠬᠤ︾ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠣᠳᠣᠬᠠᠨ ᠳᠤ᠂ ᠨᠢᠭᠡᠨᠲᠡ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ 558 ᠴᠤᠭᠯᠠᠭᠤᠯᠵᠤ᠂ ᠰᠢᠨ᠎ᠡ ᠡᠨᠧᠷᠭᠢ᠂ ᠬᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠣᠯᠠᠨ ᠠᠵᠢᠯ ᠲᠥᠷᠥᠯ ᠢ ᠬᠠᠮᠤᠷᠴᠤ᠂ 321 ᠬᠦᠮᠦᠰ ᠤᠨ ᠪᠠᠶᠢᠳᠠᠯ ᠢ ᠨᠢ ᠣᠶᠢᠯᠠᠭ᠋ᠭᠵᠤ ᠮᠡᠳᠡᠭᠡ ᠵᠠᠩᠭᠢ ᠶᠢ ᠨᠢ ᠴᠤᠭᠯᠠᠭᠤᠯᠪᠠ᠃    ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠲᠠᠯ᠎ᠠ ᠪᠠᠷ᠂ ᠠᠯᠠᠱᠠ ᠵᠡᠭᠦᠨ ᠬᠤᠰᠢᠭᠤ ︽ ᠲᠣᠬᠠᠢ ᠶᠢᠨ ᠲᠠᠯᠠᠪᠣᠷ ᠲᠤ ᠠᠵᠢᠯᠳᠠᠨ ᠡᠯᠰᠡᠬᠦ + ᠰᠦᠯᠵᠢᠶ᠎ᠡ ᠪᠠᠷ ᠠᠵᠢᠯᠲᠠᠨ ᠡᠯᠰᠡᠬᠦ + ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠲᠠᠨᠢᠯᠴᠠᠭᠤᠯᠬᠤ + ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢᠨ ᠵᠠᠭᠪᠤᠷ ᠢ ᠠᠪᠴᠤ᠂ ᠠᠵᠢᠯᠴᠢᠨ ᠤ ᠡᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠤᠷᠢᠳ ᠬᠤᠵᠢᠳ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠂ ︽ᠬᠠᠪᠤᠷ ᠤᠨ ᠰᠠᠯᠬᠢᠨ ᠤ ᠠᠵᠢᠯᠯᠠᠭ᠎ᠠ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ 8 ᠲᠠᠯᠠᠪᠤᠷ ᠡᠷᠭᠢᠯᠡᠵᠦ᠂ ᠨᠡᠶᠢᠲᠡ 456 ᠠᠵᠤ ᠠᠬᠤᠶᠢᠯᠠᠯ ᠲᠤᠬᠠᠶ ᠶᠢᠨ ᠲᠠᠯᠠᠪᠠᠶ ᠳᠤ ᠠᠵᠢᠯᠲᠠᠨ ᠡᠯᠰᠡᠬᠦ ᠳᠤ ᠣᠷᠣᠯᠴᠠᠵᠤ᠂ 2382 ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠤ ᠰᠤᠷᠪᠤᠯᠵᠢᠯᠠᠭ᠎ᠠ ᠬᠢᠭᠰᠡᠨ ᠬᠡᠮᠵᠢᠶ᠎ᠡ 9618 ᠬᠥᠮᠦᠨ ᠤᠳᠠᠭ᠎ᠠ ᠳᠤ ᠬᠦᠷᠴᠦ᠂ 326 ᠬᠥᠮᠦᠨ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠪᠠᠨ ᠲᠣᠭᠲᠠᠭᠠᠪᠠ᠃    ᠬᠥᠳᠡᠯᠮᠦᠷᠢᠴᠢᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠵᠡᠭᠦᠨ ᠬᠤᠰᠢᠭᠤ ᠵᠠᠬ᠎ᠠ ᠳᠡᠯᠭᠡᠭᠦᠷ ᠤᠨ ᠠᠵᠢᠯᠴᠢᠨ ᠬᠡᠷᠡᠭᠯᠡᠬᠦ ᠬᠡᠷᠡᠭᠴᠡᠭᠡ ᠪᠠ ᠬᠥᠳᠡᠯᠮᠦᠷᠢᠴᠢᠳ ᠢ ᠪᠣᠯᠪᠠᠰᠤᠷᠠᠭᠤᠯᠬᠤ ᠬᠦᠰᠡᠯ ᠲᠠᠢ ᠤᠶᠠᠯᠳᠤᠭᠤᠯᠤᠨ᠂ ᠪᠣᠯᠪᠠᠰᠤᠷᠠᠭᠤᠯᠤᠯ ᠤᠨ ᠬᠢᠴᠢᠶᠡᠯ ᠢ ᠵᠦᠶ ᠵᠣᠬᠢᠰᠲᠠᠶ ᠲᠣᠬᠢᠷᠠᠭᠤᠯᠵᠤ᠂ ᠴᠠᠬᠢᠮ ᠬᠤᠳᠠᠯᠳᠤᠭᠴᠢ᠂ ᠠᠯᠪᠠᠨ ᠠᠵᠢᠯ ᠤᠨ ᠵᠥᠭᠡᠯᠡᠨ ᠲᠣᠨᠤᠭ ᠤᠨ ᠬᠡᠷᠡᠭᠯᠡᠯᠲᠡ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3 ᠬᠤᠭᠤᠴᠠᠭ᠎ᠠ ᠥᠷᠨᠢᠭᠦᠯᠵᠦ᠂ 106 ᠬᠤᠲᠠ ᠬᠥᠳᠡᠭᠡ ᠶᠢᠨ ᠬᠥᠳᠡᠯᠮᠦᠷᠢ ᠬᠦᠴᠦᠨ ᠢ ᠪᠣᠯᠪᠠᠰᠤᠷᠠᠭᠤᠯᠵᠤ᠂ ᠡᠭᠦᠨ ᠳᠤ 10 ᠬᠥᠮᠦᠨ ᠢ ᠪᠣᠯᠪᠠᠰᠤᠷᠠᠭᠤᠯᠤᠭᠰᠠᠨ ᠤ ᠳᠠᠷᠠᠭ᠎ᠠ ᠠᠮᠵᠢᠯᠲᠠ ᠲᠠᠢ ᠠᠵᠢᠯ ᠣᠯᠭᠤᠪᠠ᠃    ᠡᠭᠦᠨ ᠠᠴᠠ ᠭᠠᠳᠠᠨ᠎ᠠ᠂ ᠠᠯᠠᠱᠠ ᠵᠡᠭᠦᠨ ᠬᠤᠰᠢᠭᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠴᠢᠩᠭᠠᠷᠠᠭᠤᠯᠵᠤ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠵᠡᠷᠭᠡ ᠬᠥᠮᠦᠰ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠪᠠ᠃        ᠣᠳᠣᠬᠠᠨ ᠳᠤ᠂ ᠨᠢᠭᠡᠨᠲᠡ 169.9 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠶᠢ ᠲᠠᠷᠬᠠᠭᠠᠵᠤ᠂ 16 ᠬᠥᠮᠦᠨ ᠳᠤ ᠠᠵᠢᠯ ᠣᠯᠭᠤᠪᠠ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠪᠣᠯᠤᠨ ᠠᠵᠢᠯ ᠤᠯᠬᠤ ᠳᠤ ᠬᠦᠴᠢᠷᠲᠡᠶ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ︽1131︾ ᠠᠵᠢᠯ ᠣᠯᠭᠤᠬᠤ ᠦᠢᠯᠡᠴᠢᠯᠡᠭᠡ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠤᠰᠬᠠᠶ ᠠᠵᠢᠯ ᠡᠯᠰᠡᠬᠦ ᠲᠠᠯᠠᠪᠣᠷ 1 ᠶᠢ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ 23 ᠬᠥᠮᠦᠨ ᠢ ᠪᠠᠲᠤᠯᠠᠨ ᠲᠥᠪᠬᠢᠨᠡᠭᠦᠯᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号