ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ︽ᠵᠢᠷᠭᠤᠭᠠᠨ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠠ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2025/5/26
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠤᠳᠤᠷᠢᠳᠤᠮᠵᠢ ᠪᠣᠯᠭᠠᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠠ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ᠂ ᠬᠢᠨᠠᠨ ᠵᠥᠪᠰᠢᠶᠡᠷᠡᠯ ᠤᠨ ᠬᠤᠷᠳᠤᠴᠠ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ ᠪᠥᠬᠦ ᠬᠦᠴᠦᠨ ᠢᠶᠠᠷ ᠢᠶᠠᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ︽ᠵᠢᠷᠭᠤᠭᠠᠨ ᠠᠵᠢᠯᠯᠠᠭ᠎ᠠ︾ ᠶᠢ ᠠᠯᠠᠱᠠ ᠵᠡᠭᠦᠨ ᠬᠤᠰᠢᠭᠤᠨ ᠳᠤ ᠦᠨᠳᠦᠰᠦᠯᠡᠭᠦᠯᠵᠦ᠂ ᠪᠣᠳᠠᠲᠠᠶ ᠦᠷ᠎ᠡ ᠪᠦᠲᠦᠮᠵᠢ ᠭᠠᠷᠭᠠᠬᠤ ᠶᠢ ᠪᠠᠲᠤᠯᠠᠪᠠ᠃
   01 ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠪᠠ    ︽ᠲᠥᠷᠥ ᠶᠢᠨ ᠪᠣᠳᠣᠯᠭ᠎ᠠ ᠶᠢᠨ ᠬᠥᠮᠥᠷᠭᠡ︾ ᠶᠢ ᠪᠠᠶᠢᠭᠤᠯᠵᠤ᠂ ᠤᠯᠤᠰ ᠪᠠ ᠣᠷᠣᠨ ᠨᠤᠲᠤᠭ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠤᠷᠢᠶᠠᠩᠭᠤᠶᠢᠯᠠᠵᠤ᠂ ᠠᠵᠢᠯ ᠲᠥᠷᠥᠯ᠂ ᠠᠵᠤ ᠠᠬᠤᠶᠢᠯᠠᠯ ᠤᠨ ᠬᠡᠪᠴᠢᠶ᠎ᠡ ᠵᠡᠷᠭᠡ ᠶᠢ ᠲᠥᠷᠥᠯ ᠬᠤᠪᠢᠶᠠᠨ ᠲᠣᠳᠣᠷᠬᠠᠶᠢᠯᠠᠵᠤ᠂ ᠠᠵᠤ ᠠᠬᠤᠶᠢᠯᠠᠯ ᠤᠨ ᠲᠦᠷᠭᠡᠨ ᠵᠣᠬᠢᠴᠠᠯᠳᠤᠬᠤ ᠶᠢ ᠳᠥᠭᠦᠮ ᠪᠣᠯᠭᠠᠪᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠦᠢᠯᠡᠴᠢᠯᠡᠭᠡ ᠬᠠᠩᠭᠠᠵᠤ᠂ ᠴᠣᠩᠬᠤᠪᠴᠢ ᠪᠠᠷ ᠲᠠᠶᠢᠯᠤᠮᠵᠢ ᠬᠢᠬᠦ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ᠂ ᠠᠵᠤ ᠠᠬᠤᠶᠢᠯᠠᠯ ᠳᠤ ᠣᠷᠣᠵᠤ ᠦᠢᠯᠡᠴᠢᠯᠡᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠨᠠᠷᠢᠨ ᠵᠦᠢᠯᠡᠰ ᠢ ᠣᠶᠢᠯᠠᠭᠠᠭᠤᠯᠪᠠ᠃      02 ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠤᠷᠳᠤᠴᠠ ᠪᠠᠨ ᠲᠦᠷᠭᠡᠳᠭᠡᠪᠡ    ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠴᠤᠪᠤᠷᠠᠯ ᠢ ᠡᠮᠬᠢᠯᠡᠵᠦ᠂ ᠴᠢᠬᠤᠯᠠ ᠪᠤᠰᠤ ᠭᠤᠭᠴᠤᠭ᠎ᠠ ᠶᠢ ᠳᠥᠭᠦᠮᠴᠢᠯᠡᠵᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠲᠣᠭᠲᠠᠴᠠ ᠶᠢ ᠬᠡᠷᠡᠭᠵᠢᠭᠦᠯᠪᠡ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠨ᠂ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠵᠦᠢᠯᠡᠰ ᠤᠨ ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠴᠠᠭ ᠢ ᠠᠷᠪᠢᠯᠠᠵᠤ᠂ ᠲᠥᠷᠥᠯ ᠵᠦᠢᠯ ᠢ ᠲᠦᠷᠭᠡᠬᠡᠨ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ ᠱᠠᠲᠣᠨ ᠳᠤ ᠣᠷᠤᠭᠤᠯᠬᠤ ᠳᠤ ᠬᠦᠴᠦ ᠨᠡᠮᠡᠷᠢᠯᠡᠪᠡ᠃   03 ᠦᠢᠯᠡᠴᠢᠯᠡᠭᠡᠨ ᠤ ᠲᠤᠰᠬᠠᠢ ᠲᠣᠭᠤᠷᠢᠭ ᠢ ᠪᠠᠶᠢᠭᠤᠯᠵᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ    ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠪᠠᠶᠢᠭᠤᠯᠵᠤ᠂ ︽ᠦᠢᠯᠡᠴᠢᠯᠡᠭᠡᠨ ᠤ ᠬᠠᠮᠢᠶᠠᠷᠤᠭᠴᠢ︾ ᠶᠢᠨ ᠡᠩᠨᠡᠭᠡ ᠶᠢ ᠳᠣᠭᠢᠷᠠᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠤᠨ ᠮᠥᠷᠳᠡᠬᠦ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠵᠥᠪᠳᠡᠯᠴᠡᠬᠦ ᠂ ᠬᠢᠨᠠᠨ ᠵᠥᠪᠰᠢᠶᠡᠷᠡᠬᠦ ᠠᠴᠠ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠬᠦᠷᠲᠡᠯ᠎ᠡ ᠣᠷᠣᠯᠴᠠᠵᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠭᠠᠷᠳᠠᠮ ᠢ ᠣᠷᠣᠯᠠᠨ ᠭᠦᠢᠴᠡᠳᠬᠡᠬᠦ᠂ ᠠᠬᠢᠴᠠ ᠶᠢ ᠵᠣᠬᠢᠴᠠᠭᠤᠯᠬᠤ ᠵᠡᠷᠭᠡ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠪᠠ᠃ ︽ᠨᠢᠭᠡ ᠳᠤ ᠨᠢᠭᠡ ᠶᠢ ᠬᠠᠷᠭᠤᠭᠤᠯᠬᠤ︾ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠪᠠᠷ ᠳᠠᠮᠵᠢᠭᠤᠯᠤᠨ᠂ ᠲᠥᠷᠥᠯ ᠵᠦᠢᠯ ᠤᠨ ᠡᠯ᠎ᠡ ᠭᠤᠭᠴᠤᠭ᠎ᠠ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠬᠢᠭᠡᠳ ᠲᠥᠷᠥᠯ ᠵᠦᠢᠯ ᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃
   ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠵᠢᠷᠭᠤᠭᠠᠨ ᠠᠵᠢᠯᠯᠠᠭ᠎ᠠ︾ ᠪᠠᠷ ᠤᠳᠤᠷᠢᠳᠤᠮᠵᠢ ᠪᠣᠯᠭᠠᠵᠤ ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠠᠬᠢᠭᠤᠯᠬᠤ ᠳᠤᠮᠳᠠ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠴᠠ ᠶᠢᠨ ᠰᠢᠨ᠎ᠡ ᠶᠢ ᠡᠭᠦᠳᠴᠦ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠰᠢᠯᠢᠳᠡᠭ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠨᠠᠩ ᠥᠨᠳᠥᠷ ᠬᠢᠨᠠᠨ ᠵᠥᠪᠰᠢᠶᠡᠷᠡᠬᠦ ᠦᠷ᠎ᠡ ᠪᠦᠲᠦᠮᠵᠢ᠂ ᠨᠠᠩ ᠶᠡᠭᠡ ᠦᠢᠯᠡᠴᠢᠯᠡᠭᠡᠨ ᠤ ᠪᠠᠲᠤᠯᠠᠭ᠎ᠠ ᠪᠠᠷ ᠨᠠᠩ ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠠᠯᠠᠱᠠ ᠵᠡᠭᠦᠨ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠯᠠᠱᠠ ᠵᠡᠭᠦᠨ ᠬᠤᠰᠢᠭᠤᠨ ᠤ ᠬᠦᠴᠦᠨ ᠴᠢᠳᠠᠯ ᠢᠶᠠᠨ ᠡᠷᠭᠦᠵᠦ᠂ ᠰᠢᠨ᠎ᠡ ᠴᠠᠭ ᠦᠶ᠎ᠡ ᠶᠢᠨ ᠴᠢᠬᠤᠯᠠ ᠶᠡᠭᠡ ᠲᠥᠷᠥᠯ ᠵᠦᠢᠯ ᠢ ᠲᠥᠯᠥᠪᠯᠡᠭᠰᠡᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号