ᠠᠯᠠᠱᠠ ᠵᠡᠭᠦᠨ ᠬᠤᠰᠢᠭᠤ᠄ ᠠᠮᠢ ᠠᠬᠤᠶ ᠶᠢᠨ ᠬᠠᠯᠬᠠᠪᠴᠢ ᠶᠢ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2025/5/27
   ᠡᠨᠡ ᠵᠢᠯ ᠤᠨ 3 ᠰᠠᠷ᠎ᠠ ᠶᠢᠨ 12 ᠤᠨ ᠡᠳᠦᠷ᠂ ᠠᠯᠠᠱᠠ ᠵᠡᠭᠦᠨ ᠬᠤᠰᠢᠭᠤᠨ ᠤ ᠵᠠᠬ᠎ᠠ ᠤᠰᠤ ᠪᠥᠬᠦ ᠠᠷᠠᠳ ᠤᠨ ᠡᠯᠡᠰᠦ ᠶᠢ ᠵᠠᠰᠠᠬᠤ ᠠᠯᠪᠠᠨ ᠵᠢᠷᠤᠮ ᠤᠨ ᠰᠠᠭᠤᠷᠢᠨ ᠭᠠᠵᠠᠷ ᠲᠤ ᠵᠢᠯ ᠳᠤ ᠨᠢᠭᠡ ᠤᠳᠠᠭ᠎ᠠ ᠶᠠᠪᠤᠭᠳᠠᠳᠠᠭ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠠᠶᠢᠮᠠᠭ᠂ ᠬᠤᠰᠢᠭᠤᠨ ᠤ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ᠂ ᠰᠠᠶᠢᠨ ᠳᠤᠷᠠᠴᠤᠳ᠂ ᠰᠣᠷᠣᠭᠴᠢ ᠵᠡᠷᠭᠡ ᠬᠥᠮᠦᠰ ᠣᠷᠣᠯᠴᠠᠵᠠᠶ᠃ ᠡᠨᠡ ᠵᠢᠯ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠤᠨ 3307 ᠮᠦ ᠡᠯᠡᠰᠦ ᠶᠢ ᠵᠠᠰᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠮᠣᠳᠣ ᠲᠠᠷᠢᠵᠤ ᠨᠣᠭᠤᠭᠠᠷᠠᠭᠤᠯᠬᠤ ᠳᠤ ᠣᠷᠣᠯᠴᠠᠭᠰᠠᠨ ᠬᠥᠮᠦᠨ ᠤ ᠲᠤᠭ᠎ᠠ 5.3 ᠲᠦᠮᠡ ᠭᠠᠷᠤᠢ ᠬᠥᠮᠦᠨ ᠤᠳᠠᠭ᠎ᠠ ᠳᠤ ᠬᠦᠷᠴᠡᠢ᠃      ᠪᠦᠬᠦ ᠠᠷᠠᠳ ᠢᠶᠠᠷ ᠢᠶᠠᠨ ᠮᠣᠳᠣ ᠲᠠᠷᠢᠵᠤ ᠣᠶᠢᠵᠢᠭᠤᠯᠬᠤ    ᠣᠳᠣᠬᠠᠨ ᠪᠣᠯᠲᠠᠯ᠎ᠠ᠂ ᠠᠯᠠᠱᠠ ᠵᠡᠭᠦᠨ ᠬᠤᠰᠢᠭᠤ ᠨᠢᠭᠡᠨᠲᠡ 8.6 ᠲᠦᠮᠡᠨ ᠬᠥᠮᠦᠨ ᠤᠳᠠᠭ᠎ᠠ ᠵᠣᠬᠢᠶᠠᠨ ᠪᠠᠶᠢᠭᠤᠯᠵᠤ᠂ ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠬᠠᠮᠠᠭᠠᠯᠠᠵᠤ ᠬᠠᠮᠢᠶᠠᠷᠬᠤ᠂ ᠲᠥᠬᠦᠭᠡᠷᠦᠮᠵᠢ ᠶᠢ ᠵᠠᠰᠠᠨ ᠪᠠᠶᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠠᠷ ᠳᠠᠮᠵᠢᠭᠤᠯᠤᠨ᠂ 38.5 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ ᠪᠡᠶᠡᠯᠡᠭᠦᠯᠪᠡ᠃ ᠪᠠᠶᠠᠨᠬᠤᠲᠠ ᠪᠠᠯᠭᠠᠰᠤᠨ ᠤ ᠵᠠᠬ᠎ᠠ ᠤᠰᠤ ᠭᠠᠴᠠᠭ᠎ᠠ ᠳᠤ᠂ 3307 ᠮᠥ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠲᠣᠰ ᠰᠠᠭᠤᠷᠢᠨ ᠭᠠᠵᠠᠷ ᠨᠢ ᠪᠠᠶᠠᠨᠬᠤᠲᠠ ᠶᠢᠨ ᠬᠤᠲᠠ ᠶᠢᠨ ᠲᠣᠭᠤᠷᠢᠭ ᠪᠠ ᠠᠯᠠᠱᠠ ᠠᠭᠤᠯᠠ ᠶᠢᠨ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠡᠯᠡᠰᠦ ᠶᠢ ᠬᠠᠰᠢᠨ ᠬᠤᠲᠠ ᠤᠷᠤᠭᠤ ᠲᠡᠯᠡᠬᠦ ᠦᠭᠡᠢ ᠦᠢᠯᠡᠳᠦᠯ ᠢ ᠪᠦᠲᠦᠮᠵᠢᠲᠡᠶ ᠪᠠᠳᠠᠷᠠᠭᠤᠯᠤᠭᠰᠠᠨ ᠪᠥᠭᠡᠳ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠴᠡᠭ ᠪᠣᠯᠤᠭᠰᠠᠨ ᠪᠠᠶᠢᠨ᠎ᠠ᠃
   ᠡᠷᠬᠡᠬᠠᠰᠢᠬ᠎ᠠ ᠰᠤᠮᠤᠨ ᠤ ᠥᠪᠦᠷ ᠮᠣᠩᠭᠤᠯ ᠭᠠᠨᠰᠤ ᠶᠢᠨ ᠬᠢᠯᠢ ᠶᠢᠨ ᠠᠭᠤᠯᠵᠠᠷ ᠲᠤ᠂ 12 ᠲᠦᠮᠡᠨ ᠮᠥ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠬᠦᠷ ᠬᠥᠭᠵᠢᠶᠡᠨ ᠲᠠᠢ ᠶᠠᠪᠤᠭᠳᠠᠪᠠ᠃ ᠠᠯᠠᠱᠠ ᠵᠡᠭᠦᠨ ᠬᠤᠰᠢᠭᠤ ᠪᠣᠯᠤᠨ ᠭᠠᠨᠰᠦ ᠮᠤᠵᠢ ᠶᠢᠨ ᠬᠥᠷᠰᠢᠯᠡᠵᠦ ᠪᠠᠶᠢᠭ᠎ᠠ ᠬᠢᠯᠢ ᠶᠢᠨ ᠱᠤᠭᠤᠮ ᠤᠨ ᠣᠷᠳᠣ ᠨᠢ 206 ᠺᠢᠯᠣᠮᠧᠲᠷ ᠪᠠᠶᠢᠵᠤ᠂ 206 ᠺᠢᠯᠣᠮᠧᠲᠷ ᠤᠨ ᠬᠢᠯᠢ ᠠᠴᠠ ᠳᠣᠲᠣᠭᠰᠢ ᠪᠠᠨ 20 ᠺᠢᠯᠣᠮᠧᠲᠷ ᠤᠨ ᠬᠡᠪᠴᠢᠶᠠᠨ ᠳᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ 426.9 ᠲᠦᠮᠡᠨ ᠮᠥ ᠪᠠᠶᠢᠳᠠᠭ᠃ ᠣᠯᠠᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ᠲᠣᠰ ᠣᠷᠣᠨ ᠪᠦᠰᠡ ᠳᠤ ᠨᠡᠶᠢᠲᠡ 146.5 ᠲᠦᠮᠡᠨ ᠮᠥ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠬᠡᠷᠡᠭᠵᠢᠭᠦᠯᠵᠦ᠂ 28.35 ᠺᠢᠯᠣᠮᠧᠲᠷ ᠲᠣᠣᠷ ᠳᠠᠳᠠᠵᠤ᠂ ᠡᠭᠦᠨ ᠳᠤ᠄ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠠᠵᠢᠯ 86.9 ᠲᠦᠮᠡᠨ ᠮᠥ ᠪᠠᠶᠢᠵᠤ᠂ ᠵᠠᠰᠠᠬᠤ ᠳᠤ ᠳᠣᠭᠢᠷᠠᠬᠤ ᠥᠬᠡᠶ ᠣᠷᠣᠨ ᠪᠦᠰᠡ ᠶᠢ ᠭᠠᠷᠭᠠᠪᠠᠯ ᠪᠠᠰᠠ 50 ᠭᠠᠷᠤᠶ ᠲᠦᠮᠡᠨ ᠮᠥ ᠠᠮᠢ ᠠᠬᠤᠶ ᠶᠢᠨ ᠵᠠᠰᠠᠯᠲᠠ ᠶᠢᠨ ᠣᠷᠣᠨ ᠵᠠᠶ ᠪᠣᠶ᠃ ᠡᠨᠡ ᠵᠢᠯ ᠤᠨ ᠭᠤᠤᠯᠳᠠᠯᠭ᠎ᠠ ᠲᠠᠢ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠠᠯᠠᠱᠠ ᠵᠡᠭᠦᠨ ᠬᠤᠰᠢᠭᠤ ᠶᠠᠭ ᠯᠠᠪᠳᠠᠭᠤᠨ ᠪᠠᠲᠤᠲᠠᠶ ᠪᠠᠷ ᠡᠯᠡᠰᠦ ᠶᠢ ᠰᠡᠷᠭᠡᠶᠢᠯᠡᠨ ᠵᠠᠰᠠᠬᠤ ︽ᠳᠤᠲᠠᠭᠤᠳᠠᠯ︾ ᠢ ᠨᠥᠬᠦᠪᠥᠷᠢᠯᠡᠵᠦ ᠪᠠᠶᠢᠨ᠎ᠠ᠃         ᠥᠪᠥᠷ ᠮᠤᠩᠭᠤᠯ ᠭᠠᠨᠰᠤ ᠶᠢᠨ ᠬᠢᠯᠢ ᠶᠢᠨ ᠡᠯᠡᠰᠤ ᠶᠢ ᠰᠡᠷᠭᠡᠶᠢᠯᠡᠵᠤ ᠡᠯᠡᠰᠦ ᠶᠢ ᠵᠠᠰᠠᠬᠤ        ᠣᠶᠢᠯᠠᠭᠠᠭᠰᠠᠨ ᠢᠶᠠᠷ᠂ ᠲᠩᠷᠢ ᠪᠠ ᠤᠯᠠᠭᠠᠨᠪᠤᠬ᠎ᠠ ᠬᠤᠶᠠᠷ ᠶᠡᠭᠡ ᠡᠯᠡᠰᠦ ᠮᠠᠩᠬ᠎ᠠ ᠠᠯᠠᠱᠠ ᠵᠡᠭᠦᠨ ᠬᠤᠰᠢᠭᠤᠨ ᠤ ᠪᠥᠬᠦ ᠬᠢᠯᠢ ᠪᠠᠷ ᠥᠩᠭᠡᠷᠡᠵᠦ᠂ ᠡᠯᠡᠰᠦ ᠮᠠᠩᠬ᠎ᠠ ᠪᠠ ᠡᠯᠡᠰᠦᠷᠬᠡᠭ ᠭᠠᠵᠠᠷ ᠤᠨ ᠲᠠᠯᠠᠪᠠᠶ ᠨᠢ 6.38 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠬᠤᠰᠢᠭᠤᠨ ᠤ ᠶᠡᠷᠦᠩᠬᠡᠶ ᠲᠠᠯᠠᠪᠠᠶ ᠶᠢᠨ 79.3% ᠶᠢ ᠡᠵᠡᠯᠡᠵᠦ ᠪᠤᠢ᠃ ᠡᠯᠡᠰᠦ ᠮᠠᠩᠬ᠎ᠠ ᠦᠷᠭᠦᠯᠵᠢᠯᠡᠨ ᠲᠡᠯᠡᠬᠦ ᠶᠢ ᠰᠡᠷᠭᠡᠶᠢᠯᠡᠬᠦ ᠶᠢᠨ ᠲᠥᠯᠥᠭᠡ᠂ 21 ᠳ᠋ᠦ᠋ᠭᠡᠷ ᠵᠠᠭᠤᠨ ᠤ ᠡᠬᠢ ᠪᠠᠷ ᠠᠯᠠᠱᠠ ᠵᠡᠭᠦᠨ ᠬᠤᠰᠢᠭᠤ ︽ᠨᠢᠰᠭᠡᠯ ᠢᠶᠠᠷ ᠣᠶᠢᠵᠢᠭᠤᠯᠬᠤ᠂ ᠪᠢᠲᠡᠭᠦᠮᠵᠢᠯᠡᠨ ᠣᠶᠢᠵᠢᠭᠤᠯᠬᠤ᠂ ᠲᠠᠷᠢᠵᠤ ᠣᠶᠢᠵᠢᠭᠤᠯᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ︽ᠲᠣᠬᠢᠷᠠᠮᠵᠢᠲᠠᠶ ᠭᠠᠵᠠᠷ᠂ ᠲᠣᠬᠢᠷᠠᠮᠵᠢᠲᠠᠶ ᠤᠷᠭᠤᠮᠠᠯ᠂ ᠲᠣᠬᠢᠷᠠᠮᠵᠢᠲᠠᠶ ᠴᠠᠭ᠂ ᠲᠣᠬᠢᠷᠠᠮᠵᠢᠲᠠᠶ ᠬᠡᠮᠵᠢᠶ᠎ᠡ᠂ ᠪᠢᠲᠡᠭᠦᠮᠵᠢᠯᠡᠨ ᠬᠢᠵᠠᠭᠠᠷᠯᠠᠬᠤ︾ ᠵᠠᠷᠴᠢᠮ ᠢ ᠪᠠᠷᠢᠮᠲᠠᠯᠠᠵᠠᠶ᠃ ᠤᠯᠠᠨ ᠵᠢᠯ ᠤᠨ ᠲᠤᠷᠰᠢ᠂ ᠡᠯᠡᠰᠦ ᠮᠠᠩᠬᠠᠨ ᠤ ︽ᠬᠢᠯᠢ ᠬᠢᠵᠠᠭᠠᠷ ᠢ ᠬᠢᠵᠠᠭᠠᠷᠯᠠᠬᠤ︾ ᠵᠠᠰᠠᠯᠲᠠ᠂ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠪᠠᠷ ᠳᠠᠮᠵᠢᠨ᠂ ᠠᠮᠢ ᠠᠬᠤᠢ ᠶᠢᠨ ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠨᠢ ᠬᠤᠳᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠵᠠᠮ ᠬᠠᠷᠢᠯᠴᠠᠭᠠᠨ ᠤ ᠭᠤᠣᠯ ᠱᠤᠭᠤᠮ ᠢ ᠪᠦᠲᠦᠮᠵᠢᠲᠡᠢ ᠬᠠᠮᠠᠭᠠᠯᠠᠵᠤ᠂ ︽ᠡᠯᠡᠰᠦ ᠶᠢ ᠬᠠᠰᠢᠵᠤ ᠬᠤᠳᠠ ᠶᠢ ᠬᠠᠮᠠᠭᠠᠯᠠᠬᠤ᠂ ᠡᠯᠡᠰᠦ ᠶᠢ ᠬᠠᠰᠢᠵᠤ ᠵᠠᠮ ᠢ ᠬᠠᠮᠠᠭᠠᠯᠠᠬᠤ᠂ ᠡᠯᠡᠰᠦ ᠶᠢ ᠬᠠᠰᠢᠵᠤ ᠭᠤᠣᠯ ᠳᠤ ᠣᠷᠣᠭᠤᠯᠬᠤ ᠦᠭᠡᠢ᠂ ᠡᠯᠡᠰᠦ ᠶᠢ ᠬᠠᠰᠢᠵᠤ ᠠᠭᠤᠯᠠ ᠶᠢ ᠬᠠᠮᠠᠭᠠᠯᠠᠬᠤ︾ ᠬᠠᠷᠠᠯᠲᠠ ᠶᠢ ᠪᠡᠶᠡᠯᠡᠭᠦᠯᠪᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ ᠶᠢ ᠨᠡᠶᠢᠲᠡ 1618.5 ᠲᠦᠮᠡᠨ ᠮᠥ ᠪᠡᠶᠡᠯᠡᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ 7540.61 ᠲᠦᠮᠡᠨ ᠮᠥ ᠨᠤᠲᠤᠭ ᠪᠡᠯᠴᠢᠭᠡᠷ ᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠱᠠᠩᠨᠠᠯ ᠨᠥᠬᠦᠪᠦᠷᠢ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠪᠠ᠃ ᠨᠡᠢᠲᠡ ᠶᠢᠨ ᠠᠰᠠᠷᠠᠮᠵᠢ ᠶᠢᠨ ᠣᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ 793.16 ᠲᠦᠮᠡᠨ ᠮᠦ᠃ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ ᠠᠷᠪᠠᠨ ᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 6.16% ᠪᠠᠶᠢᠭᠰᠠᠨ ᠠᠴᠠ ᠣᠲᠣ 8.42% ᠪᠣᠯᠭᠠᠨ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠶᠢ 16% ᠪᠠᠶᠢᠭᠰᠠᠨ ᠠᠴᠠ 20.7% ᠪᠣᠯᠭᠠᠨ ᠳᠡᠭᠡᠭᠰᠢᠯᠡᠭᠦᠯᠪᠡ᠃
     ᠬᠦᠮᠦᠨ ᠤ ᠬᠦᠴᠦ ᠪᠠᠷ ᠵᠠᠭ ᠲᠠᠷᠢᠬᠤ    2024 ᠣᠨ ᠳᠤ᠂ ᠠᠯᠠᠱᠠ ᠵᠡᠭᠦᠨ ᠬᠤᠰᠢᠭᠤ ᠬᠤᠶᠠᠷ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠪᠡ᠃ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠣᠷᠣᠨ ᠤ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠳᠤ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ 208.1 ᠲᠦᠮᠡᠨ ᠮᠥ ᠳᠤ ᠬᠦᠷᠴᠦ᠂ ︽ᠬᠢᠯᠢ ᠶᠢ ᠬᠠᠭᠠᠵᠤ ᠵᠠᠰᠠᠬᠤ︾ ᠂ ᠵᠠᠰᠠᠮᠠᠯ ᠵᠠᠮ ᠳᠠᠭᠠᠤ ᠡᠯᠡᠰᠦᠷᠬᠡᠭᠵᠢᠯ ᠢ ᠰᠡᠷᠭᠡᠶᠢᠯᠡᠬᠦ᠂ ᠲᠠᠴᠢᠷᠳᠠᠭᠰᠠᠨ ᠣᠶ ᠵᠢᠴᠢ ᠠᠮᠢ ᠠᠬᠤᠶ ᠶᠢᠨ ᠬᠡᠪᠡᠷᠡᠭ ᠣᠷᠣᠨ ᠢ ᠰᠡᠷᠭᠦᠭᠡᠬᠦ᠂ ᠭᠠᠨᠰᠦ ᠶᠢᠨ ᠬᠢᠯᠢ ᠳᠠᠭᠠᠤ ᠡᠯᠡᠰᠦ ᠶᠢ ᠵᠠᠰᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 10 ᠰᠤᠮᠤ ᠪᠠᠯᠭᠠᠰᠤᠨ ᠤ 1800 ᠰᠢᠬᠠᠮ ᠮᠠᠯᠴᠢᠨ ᠲᠠᠷᠢᠶᠠᠴᠢᠨ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ ᠣᠷᠣᠯᠴᠠᠭᠤᠯᠪᠠ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠠᠷᠭ᠎ᠠ ᠮᠠᠶ᠋ᠢᠭ ᠢᠶᠠᠷ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠠᠷᠢᠮᠵᠢᠶ᠎ᠠ ᠶᠣᠰᠣᠭᠠᠷ ᠪᠠᠯᠠ ᠮᠥᠩᠭᠦ ᠪᠠᠷ ᠡᠯᠡᠰᠦ ᠶᠢ ᠵᠠᠰᠠᠵᠤ᠂ ᠥᠪᠥᠷ ᠮᠣᠩᠭᠤᠯ ᠤᠨ ᠬᠤᠸᠠ ᠳ᠋ᠢᠶᠠᠨ ᠪᠣᠯᠤᠨ ᠠᠯᠠᠱᠠ ᠵᠡᠭᠦᠨ ᠬᠤᠰᠢᠭᠤᠨ ᠤ ᠵᠢᠩ ᠰᠢᠨ ᠬᠤᠶᠠᠷ ᠺᠣᠮᠫᠠᠨᠢ ᠨᠡᠶᠢᠲᠡ 12 ᠲᠦᠮᠡᠨ ᠮᠥ ᠡᠯᠡᠰᠦ ᠶᠢ ᠵᠠᠰᠠᠵᠤ᠂ ᠣᠯᠠᠨ ᠲᠠᠯ᠎ᠠ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃
     ᠨᠢᠰᠬᠡᠯ ᠢᠶᠠᠷ ᠣᠶᠢᠵᠢᠭᠤᠯᠵᠤ ᠡᠯᠡᠰᠦ ᠶᠢ ᠬᠤᠷᠢᠭᠯᠠᠬᠤ ᠪᠦᠰᠡ ᠶᠢᠨ ᠳᠣᠲᠣᠷᠠᠬᠢ ᠬᠡᠰᠡᠭ ᠨᠤᠭᠤ ᠭᠠᠵᠠᠷ     ᠡᠳᠦᠭᠡ᠂ ᠠᠯᠠᠱᠠ ᠵᠡᠭᠦᠨ ᠬᠤᠰᠢᠭᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠲᠠᠰᠤᠷᠠᠯᠲᠠ ᠥᠬᠡᠶ ᠴᠢᠷᠮᠠᠶᠢᠵᠤ᠂ ᠥᠪᠥᠷ ᠮᠣᠩᠭᠤᠯ ᠭᠠᠨᠰᠦ ᠶᠢᠨ ᠬᠢᠯᠢ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠵᠤ ᠡᠯᠡᠰᠦᠨ ᠴᠦᠯ ᠤᠨ ᠬᠢᠯᠢ ᠬᠢᠵᠠᠭᠠᠷ ᠢ ᠲᠣᠭᠳᠠᠪᠤᠷᠢᠵᠢᠭᠤᠯᠬᠤ ᠲᠥᠷᠥᠯ ᠵᠦᠢᠯ ᠪᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠤᠶᠠᠷ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠡᠷᠡᠰ ᠭᠤᠶᠢᠪᠢᠰᠢ ᠥᠬᠡᠶ ᠵᠠᠮᠨᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠪᠡ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号