ᠠᠯᠠᠱᠠ ᠵᠡᠭᠦᠨ ᠬᠤᠰᠢᠭᠤᠨ ᠤ ︽ᠪᠥᠬᠦ ᠣᠷᠣᠨ ᠳᠤ ᠨᠡᠶᠢᠳᠡᠮ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2025/5/6
   ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠤᠲᠠ ᠬᠤᠰᠢᠭᠤ ᠬᠠᠮᠲᠤᠷᠠᠨ ᠭᠦᠢᠴᠡᠳᠬᠡᠬᠦ︾ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠠᠰᠢᠭᠯᠠᠨ᠂ ᠺᠣᠮᠫᠠᠨᠢ ᠶᠢᠨ ᠬᠤᠪᠢᠷᠠᠭᠠᠨ ᠳᠠᠩᠰᠠᠯᠠᠬᠤ ︵ᠰᠢᠶᠠᠨ ᠤ ᠱᠠᠲᠤᠨ ᠤ ᠡᠷᠬᠡ ᠮᠡᠳᠡᠯ ᠳᠤ ᠪᠠᠶᠢᠬᠤ︶ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠠᠯᠠᠱᠠ ᠵᠡᠭᠦᠨ ᠬᠤᠰᠢᠭᠤᠨ ᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡ ᠰᠢᠨ᠎ᠡ ᠠᠬᠢᠴᠠ ᠲᠠᠢ ᠪᠣᠯᠪᠠ᠃    ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠣᠯᠠᠨ ᠲᠦᠮᠡᠨ ᠤ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠦᠷᠲᠡᠭᠡᠪᠡ᠃    ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠶᠡᠷᠦᠩᠬᠡᠶᠢᠯᠡᠭᠰᠡᠨ ᠴᠣᠩᠬᠤᠪᠴᠢ ᠭᠠᠷᠭᠠᠵᠤ᠂ ᠲᠤᠰᠬᠠᠶ ᠮᠡᠷᠭᠡᠵᠢᠯ ᠤᠨ ᠠᠵᠢᠯᠲᠠᠨ ᠲᠣᠬᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠮᠡᠳᠡᠯᠭᠡ ᠵᠢᠴᠢ ᠦᠢᠯᠡᠴᠢᠯᠡᠭᠡᠨ ᠤ ᠵᠢᠷᠤᠮᠵᠢᠭᠰᠠᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯᠲᠠᠨ ᠤ ᠵᠠᠰᠠᠭ ᠵᠠᠬᠢᠷᠭᠠᠨ ᠤ ᠠᠵᠢᠯ ᠭᠦᠢᠴᠡᠳᠭᠡᠭᠴᠢ ᠶᠢᠨ ᠤᠷ᠎ᠠ ᠴᠢᠳᠠᠪᠤᠷᠢ ᠶᠢᠨ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠶᠢ ᠦᠨᠡᠨᠬᠦ ᠪᠠᠲᠤᠯᠠᠵᠤ᠂ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠵᠢᠷᠤᠮᠵᠢᠭᠰᠠᠨ᠂ ᠪᠠᠷᠢᠮᠵᠢᠶᠠᠵᠢᠭᠤᠯᠤᠭᠰᠠᠨ᠂ ᠥᠪᠡᠷᠮᠢᠴᠡ ᠣᠨᠴᠠᠯᠢᠭ ᠲᠠᠢ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠪᠠ᠃    ᠠᠳᠠᠯᠢ ᠪᠤᠰᠤ ᠬᠥᠮᠥᠰ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠶᠡᠭᠡ ᠲᠢᠩᠬᠢᠮ ᠳᠤ  ᠬᠦᠷᠴᠦ ᠴᠢᠳᠠᠬᠤ ᠦᠭᠡᠢ ᠠᠵᠤ ᠠᠬᠤᠶᠢᠯᠠᠯ ᠪᠠ ᠣᠯᠠᠨ ᠲᠦᠮᠡᠨ ᠳᠤ ᠬᠠᠨᠳᠤᠭᠤᠯᠤᠨ᠂ ᠠᠯᠠᠱᠠ ᠵᠡᠭᠦᠨ ᠬᠤᠰᠢᠭᠤ ᠸᠢᠴᠠᠲ ᠤᠨ ᠸᠢᠳᠢᠣ᠋ ᠪᠣᠯᠣᠨ ᠤᠲᠠᠰᠤ ᠪᠠᠷ ᠬᠤᠯᠪᠣᠭᠳᠠᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠯᠤᠰ ᠠᠴᠠ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠤᠬᠠᠶᠢᠯᠠᠭᠰᠠᠨ ᠠᠵᠢᠯ ᠤᠨ ︽ᠲᠦᠷᠭᠡᠨ ᠬᠢᠨᠠᠨ ᠲᠦᠷᠭᠡᠨ ᠵᠥᠪᠰᠢᠶᠡᠷᠡᠬᠦ︾᠎ ᠶᠢ ᠪᠡᠶᠡᠯᠡᠭᠦᠯᠪᠡ᠃ ᠪᠤᠳᠤᠯᠢᠶᠠᠨᠲᠠᠶ ᠤᠴᠢᠷ ᠶᠠᠪᠤᠳᠠᠯ ᠤᠨ ᠲᠤᠬᠠᠶ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠬᠠᠪᠰᠤᠷᠤᠨ ᠭᠦᠢᠴᠡᠳᠬᠡᠵᠤ ᠣᠷᠣᠯᠠᠨ ᠭᠦᠢᠴᠡᠳᠬᠡᠬᠦ︾ ᠠᠵᠢᠯ ᠤᠨ ᠪᠠᠭ ᠢ ᠠᠰᠢᠭᠯᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠡᠷ ᠲᠤᠨᠢ ᠬᠦᠷᠴᠦ ᠦᠢᠯᠡᠴᠢᠯᠡᠬᠦ᠂ ᠴᠠᠭ ᠠᠪᠴᠤ ᠦᠢᠯᠡᠴᠢᠯᠡᠬᠦ ᠵᠡᠷᠭᠡ ᠶᠢ ᠥᠷᠨᠢᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠪᠡ᠃ ᠡᠨᠡ ᠵᠢᠯ ᠠᠴᠠ ᠨᠠᠰᠢ᠂ ᠨᠢᠭᠡᠨᠲᠡ 382 ᠤᠳᠠᠭ᠎ᠠ ᠸᠢᠴᠠᠲ᠂ ᠤᠲᠠᠰᠤ ᠪᠠᠷ ᠦᠢᠯᠡᠴᠢᠯᠡᠬᠦ ᠠᠵᠢᠯ ᠢ ᠥᠷᠨᠢᠭᠦᠯᠵᠦ᠂ 9 ᠤᠳᠠᠭ᠎ᠠ ᠬᠡᠷ ᠲᠤᠨᠢ ᠬᠦᠷᠴᠦ ᠦᠢᠯᠡᠴᠢᠯᠡᠵᠦ᠂ 149 ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠪᠡ᠃
   ᠡᠭᠦᠨ ᠠᠴᠠ ᠭᠠᠳᠠᠨ᠎ᠠ᠂ ᠠᠯᠠᠱᠠ ᠵᠡᠭᠦᠨ ᠬᠤᠰᠢᠭᠤ ᠪᠠᠰᠠ ᠠᠶᠢᠮᠠᠭ᠂ ᠬᠤᠰᠢᠭᠤᠨ ᠤ ︽ᠲᠠᠰ ᠳᠠᠪᠬᠤᠷᠭ᠎ᠠ ᠠᠯᠤᠰᠯᠠᠭᠰᠠᠨ︾ ᠠᠭᠤᠰᠤᠯᠴᠠᠯ ᠤᠨ ᠶᠡᠷᠦᠩᠬᠡᠶᠢᠯᠡᠭᠰᠡᠨ ᠪᠣᠳᠠᠲᠤ ᠴᠣᠭᠴᠠ ᠶᠢᠨ ᠶᠡᠭᠡ ᠲᠢᠩᠬᠢᠮ ᠢ ᠢᠳᠡᠪᠬᠢᠲᠡᠶ ᠪᠠᠶᠢᠭᠤᠯᠵᠤ᠂ ᠰᠤᠮᠤ ᠪᠠᠯᠭᠠᠰᠤ ︵ᠵᠡᠭᠡᠯᠢ ᠭᠤᠳᠤᠮᠵᠢ︶᠎ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠠᠢ ᠰᠢᠭᠤᠳ ᠬᠤᠯᠪᠣᠵᠣ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠮᠤᠵᠢ ᠶᠢᠨ ᠳᠣᠲᠣᠨ᠎ᠠ ᠭᠠᠳᠠᠨᠠᠬᠢ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠷᠢᠯᠴᠠᠨ ᠬᠤᠯᠪᠣᠭᠠᠯᠠᠨ ᠬᠥᠳᠡᠯᠦᠯᠴᠡᠵᠦ᠂ ᠠᠷᠠᠳ ᠤᠨ ᠲᠥᠯᠥᠭᠡ ᠬᠠᠮᠵᠢᠯᠴᠠᠬᠤ ︽ᠲᠡᠮᠡᠭᠡ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠬᠠᠮᠲᠤ ᠪᠠᠷ ᠪᠣᠶ ᠪᠣᠯᠭᠠᠪᠠ᠃    ᠪᠦᠷᠢᠳᠬᠡᠯ ᠢ ᠦᠨᠳᠦᠰᠦᠯᠡᠪᠡᠯ᠂ ᠡᠨᠡ ᠵᠢᠯ ᠠᠴᠠ ᠨᠠᠰᠢ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠵᠦᠢᠯᠡᠰ ᠢ ᠨᠡᠶᠢᠲᠡ 255 ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠡᠯ᠎ᠡ ᠲᠥᠷᠥᠯ ᠤᠨ ᠬᠠᠪᠰᠤᠷᠤᠨ ᠭᠦᠢᠴᠡᠳᠭᠡᠬᠦ ᠦᠢᠯᠡᠴᠢᠯᠡᠭᠡ ᠶᠢ 2.9 ᠲᠦᠮᠡᠨ ᠬᠥᠮᠦᠨ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠪᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号