ᠠᠯᠠᠱᠠ ᠠᠶᠢᠮᠠᠭ ᠤᠨ ᠪᠠᠶᠠᠨᠬᠤᠲᠠ ᠶᠢᠨ ᠺᠠᠳ᠋ᠷ ᠠᠵᠢᠯᠳᠠᠳ 3000 ᠮᠥ ᠡᠯᠡᠰᠦ ᠶᠢ ᠵᠠᠰᠠᠬᠤ ᠠᠯᠪᠠᠨ ᠵᠢᠷᠤᠮ ᠤᠨ ᠡᠭᠦᠷᠭᠡ ᠶᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/5/6
   4 ᠰᠠᠷ᠎ᠠ ᠶᠢᠨ 10᠎ ᠤ ᠡᠳᠦᠷ᠂ ᠠᠯᠠᠱᠠ ᠵᠡᠭᠦᠨ ᠬᠤᠰᠢᠭᠤᠨ ᠤ ᠵᠠᠬ᠎ᠠ ᠤᠰᠤ ᠪᠦᠬᠦ ᠠᠷᠠᠳ ᠤᠨ ᠡᠯᠡᠰᠦ ᠶᠢ ᠵᠠᠰᠠᠬᠤ ᠠᠯᠪᠠᠨ ᠵᠢᠷᠤᠮ ᠤᠨ ᠰᠠᠭᠤᠷᠢᠨ ᠳᠤ᠂ 500 ᠭᠠᠷᠤᠢ ᠺᠠᠳ᠋ᠷ ᠤᠯᠠᠨ ᠲᠦᠮᠡᠨ ᠬᠦᠴᠦ ᠬᠥᠯᠥᠰᠥ ᠪᠠᠨ ᠤᠷᠤᠰᠬᠠᠵᠤ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠡᠳᠦᠭᠡ ᠪᠣᠯᠳᠠᠯ᠎ᠠ᠂ ᠠᠯᠠᠱᠠ ᠠᠶᠢᠮᠠᠭ ᠤᠨ ᠪᠠᠶᠠᠨᠬᠤᠲᠠ ᠶᠢᠨ ᠪᠥᠬᠦ ᠠᠷᠠᠳ ᠤᠨ ᠡᠯᠡᠰᠦ ᠶᠢ ᠵᠠᠰᠠᠬᠤ ᠠᠯᠪᠠᠨ ᠵᠢᠷᠤᠮ ᠤᠨ ᠰᠠᠭᠤᠷᠢᠨ ᠳᠤ 3000 ᠮᠤ᠋ ᠡᠯᠡᠰᠦ ᠶᠢ ᠵᠠᠰᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠮᠣᠳᠣ ᠳᠠᠷᠢᠵᠤ ᠨᠣᠭᠤᠭᠠᠷᠠᠭᠤᠯᠬᠤ ᠳᠤ ᠣᠷᠣᠯᠴᠠᠭᠰᠠᠨ ᠬᠥᠮᠦᠨ ᠤ ᠲᠤᠭ᠎ᠠ 1.5 ᠲᠦᠮᠡ ᠭᠠᠷᠤᠶ ᠬᠥᠮᠦᠨ ᠤᠳᠠᠭ᠎ᠠ ᠳᠤ ᠬᠥᠷᠪᠡ᠃       ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ᠂ ᠵᠢᠯᠣᠭᠤᠴᠢ ᠦᠭᠡᠢ ᠨᠢᠰᠬᠡᠯ ᠮᠡᠷᠭᠡᠵᠢᠯ ᠤᠨ ᠠᠵᠢᠯᠲᠠᠳ ᠤᠨ ᠪᠣᠯᠪᠠᠰᠤᠷᠠᠩᠭᠤᠢ ᠡᠵᠡᠮᠰᠢᠯ ᠢᠶᠠᠷ ᠠᠭᠠᠵᠢᠮ ᠢᠶᠠᠷ ᠳᠡᠭᠡᠭᠰᠢᠯᠡᠵᠦ᠂ ᠨᠢᠰᠬᠡᠯ ᠤᠨ ᠵᠢᠭᠦᠷ ᠲᠤ ᠡᠯᠭᠦᠭᠰᠡᠨ ᠴᠢᠬᠢ ᠮᠣᠳᠣ ᠶᠢ ᠡᠯ᠎ᠡ ᠲᠠᠷᠢᠮᠠᠯ ᠤᠨ ᠴᠡᠭ ᠲᠤ ᠪᠠᠭᠤᠯᠭᠠᠵᠤ᠂ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠨᠡᠶᠢᠭᠡᠮ ᠤᠨ ᠪᠦᠯᠬᠦᠮ ᠤᠨ  ᠬᠥᠮᠦᠰ ᠢᠳᠡᠪᠬᠢᠲᠠᠢ ᠣᠷᠣᠯᠴᠠᠵᠤ᠂ ︽ᠰᠢᠨᠵᠢᠯᠡᠬᠦ ᠤᠬᠠᠭᠠᠨ ᠮᠡᠷᠭᠡᠵᠢᠯ + ᠠᠮᠢ ᠠᠬᠤᠢ︾᠎ ᠶᠢᠨ ᠡᠯᠡᠰᠦ ᠶᠢ ᠵᠠᠰᠠᠬᠤ ᠵᠠᠭᠪᠤᠷ ᠢᠶᠠᠷ ᠬᠠᠪᠣᠷ ᠤᠨ ᠲᠠᠷᠢᠯᠭ᠎ᠠ ᠶᠢᠨ ᠠᠵᠢᠯ ᠢ ᠠᠮᠵᠢᠯᠲᠠᠲᠠᠢ ᠪᠡᠶᠡᠯᠡᠭᠦᠯᠪᠡ᠃
   ᠥᠪᠥᠷ ᠮᠣᠩᠭᠤᠯ ᠴᠢᠨᠠᠭᠰᠢᠯᠠᠪᠠᠯ ᠪᠥᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠤᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠠᠯᠠᠱᠠ ᠠᠶᠢᠮᠠᠭ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ︽ᠤᠯᠤᠰ ᠤᠨ ᠶᠡᠭᠡ ᠶᠠᠪᠤᠳᠠᠯ︾᠎ ᠢ ᠢᠮᠠᠭᠲᠠ ᠪᠠᠲᠤ ᠴᠡᠭᠡᠵᠢᠯᠡᠵᠦ᠂ ᠡᠯᠡᠰᠦᠷᠬᠡᠭᠵᠢᠯ ᠢ ᠰᠡᠷᠭᠡᠶᠢᠯᠡᠬᠦ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ 3 ᠰᠠᠷ᠎ᠠ ᠶᠢᠨ 12᠎ ᠤᠨ ᠡᠳᠦᠷ ᠠᠯᠠᠱᠠ ᠠᠶᠢᠮᠠᠭ ᠤᠨ ᠪᠥᠬᠦ ᠠᠷᠠᠳ ᠢᠶᠠᠷ ᠢᠶᠠᠨ ᠡᠯᠡᠰᠦ ᠶᠢ ᠵᠠᠰᠠᠬᠤ ᠠᠯᠪᠠᠨ ᠵᠢᠷᠤᠮ ᠤᠨ ᠠᠵᠢᠯᠯᠠᠭ᠎ᠠ ᠡᠬᠢᠯᠡᠭᠰᠡᠨ ᠠᠴᠠ ᠨᠠᠰᠢ᠂ ᠠᠶᠢᠮᠠᠭ ᠤᠨ ᠵᠠᠰᠠᠭ ᠤᠨ ᠣᠷᠳᠣᠨ ᠡᠳᠦᠷ ᠪᠦᠷᠢ ᠠᠶᠢᠮᠠᠭ ᠤᠨ ᠰᠢᠭᠤᠳ ᠬᠠᠷᠢᠶ᠎ᠠ ᠪᠠ ᠠᠯᠠᠱᠠ ᠵᠡᠭᠦᠨ ᠬᠤᠰᠢᠭᠤᠨ ᠤ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠤᠨ ᠪᠦᠯᠬᠦᠮ᠂ ᠵᠣᠬᠢᠬᠤ ᠨᠠᠰᠤᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠡᠯᠡᠰᠦ ᠶᠢ ᠵᠠᠰᠠᠵᠤ ᠮᠣᠳᠣ ᠳᠠᠷᠢᠬᠤ ᠠᠵᠢᠯ ᠳᠤ ᠣᠷᠣᠯᠴᠠᠭᠤᠯᠪᠡ᠃    ᠲᠣᠰ ᠤᠳᠠᠭ᠎ᠠ ᠠᠯᠠᠱᠠ ᠠᠶᠢᠮᠠᠭ ᠡᠯᠡᠰᠦ ᠶᠢ ᠵᠠᠰᠠᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠦᠭᠰᠡᠨ ᠨᠢ ᠠᠯᠠᠱᠠ ᠠᠶᠢᠮᠠᠭ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠠᠮᠢᠳᠤᠯᠢᠭ ᠢᠶᠠᠷ ᠦᠢᠯᠡᠳᠦᠯᠭᠡᠵᠢᠭᠦᠯᠣᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ︽ᠵᠢᠭᠦᠷ︾ ᠪᠣᠯᠭᠠᠨ᠂ ᠪᠥᠬᠦ ᠠᠷᠠᠳ ᠤᠨ ᠣᠷᠣᠯᠴᠠᠯᠭ᠎ᠠ ᠪᠠᠷ ᠰᠠᠭᠤᠷᠢ ᠪᠣᠯᠭᠠᠭᠰᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠶᠠᠨ ᠵᠠᠮ ᠳᠤ ᠨᠠᠩ ᠪᠠᠲᠤ ᠪᠠᠬᠢ ᠰᠠᠭᠤᠷᠢ ᠲᠠᠯᠪᠢᠭᠰᠠᠨ ᠢ ᠬᠠᠷᠠᠭᠤᠯᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号