ᠪᠢᠳᠡ ᠪᠦᠭᠦᠳᠡᠭᠡᠷ ᠨᠤᠲᠤᠭ ᠤᠰᠤ ᠪᠠᠨ ᠨᠤᠭᠤᠭᠠᠷᠠᠭᠤᠯᠤᠶ᠎ᠠ
ᠨᠡᠶᠢᠲᠡᠯᠡᠭᠰᠡᠨ ᠴᠠᠭ᠄
2025/5/6
   4 ᠰᠠᠷ᠎ᠠ ᠶᠢᠨ 10᠎ ᠤ ᠡᠳᠦᠷ᠂ ᠠᠯᠠᠱᠠ ᠵᠡᠭᠦᠨ ᠬᠤᠰᠢᠭᠤᠨ ᠤ ᠵᠠᠭ ᠳᠠᠷᠢᠬᠤ ᠠᠵᠢᠯᠯᠠᠭ᠎ᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠨᠠᠢᠮᠠᠳᠤᠭᠠᠷ ᠣᠨ ᠤ ᠪᠥᠬᠦ ᠪᠠᠭᠰᠢ ᠰᠤᠷᠤᠭᠴᠢᠳ ᠪᠠᠶᠠᠨᠬᠤᠲᠠ ᠪᠠᠯᠭᠠᠰᠤᠨ ᠤ ᠵᠠᠬ᠎ᠠ ᠤᠰᠤ ᠭᠠᠴᠠᠭᠠᠨ ᠤ ᠮᠣᠳᠣ ᠳᠠᠷᠢᠬᠤ ᠰᠠᠭᠤᠷᠢᠨ ᠭᠠᠵᠠᠷ ᠲᠤ ᠵᠠᠭ ᠳᠠᠷᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠬᠦᠴᠦ ᠪᠠᠨ ᠡᠷᠭᠦᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠢ ᠰᠢᠭᠤᠢ ᠶᠢᠨ ᠮᠡᠷᠭᠡᠵᠢᠯᠲᠡᠨ ᠤ ᠵᠢᠯᠤᠭᠤᠳᠤᠯᠭ᠎ᠠ ᠳᠣᠣᠷ᠎ᠠ᠂ ᠪᠠᠭᠰᠢ ᠰᠤᠷᠤᠭᠴᠢᠳ ᠳᠤᠭᠤᠶᠢᠯᠠᠩ ᠬᠤᠪᠢᠶᠠᠵᠤ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠠᠵᠢᠯᠯᠠᠬᠤ ᠶᠠᠪᠤᠴᠠ ᠪᠣᠯᠤᠨ ᠴᠢᠬᠢ ᠮᠣᠳᠣ ᠲᠠᠷᠢᠬᠤ ᠲᠤᠰᠬᠠᠢ ᠮᠡᠷᠭᠡᠵᠢᠯ ᠤᠨ ᠵᠢᠯᠤᠭᠤᠳᠤᠯᠭ᠎ᠠ ᠢᠶᠠᠷ᠂ ᠵᠠᠯᠠᠭᠤᠴᠤᠳ ᠪᠠᠭᠠᠴᠤᠳ ᠨᠦᠬᠡ ᠪᠠᠨ ᠮᠠᠯᠳᠠᠵᠤ᠂ ᠴᠢᠬᠢ ᠮᠣᠳᠣ ᠰᠠᠭᠤᠯᠭᠠᠨ ᠰᠢᠷᠣᠢ ᠨᠡᠮᠡᠵᠦ᠂ ᠰᠠᠭᠤᠯᠠᠭ᠎ᠠ ᠪᠠᠷ ᠤᠰᠤ ᠵᠥᠭᠡᠭᠡᠵᠦ ᠴᠢᠬᠢ ᠮᠤᠳᠤ ᠪᠠᠨ ᠤᠰᠤᠯᠠᠨ ᠨᠠᠰᠢ ᠴᠠᠰᠢ ᠰᠦᠯᠵᠢᠯᠳᠦᠨ ᠶᠠᠭᠠᠷᠠᠯᠳᠤᠪᠠ᠃
   ᠲᠣᠰ ᠤᠳᠠᠭᠠᠨ ᠤ ᠠᠵᠢᠯᠯᠠᠭ᠎ᠠ ᠨᠢ ᠬᠢᠴᠢᠶᠡᠯ ᠤᠨ ᠲᠠᠩᠬᠢᠮ ᠢ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠨᠡᠭᠦᠯᠭᠡᠵᠦ᠂ ᠵᠠᠯᠠᠭᠤᠴᠤᠳ ᠪᠠᠭᠠᠴᠤᠳ ᠭᠠᠷ ᠢᠶᠠᠷ ᠢᠶᠠᠨ ᠰᠢᠪᠠᠷ ᠰᠢᠷᠣᠶ ᠶᠢ ᠪᠠᠷᠢᠵᠤ᠂ ᠲᠠᠷᠢᠵᠤ ᠨᠣᠭᠤᠭᠠᠷᠠᠭᠤᠯᠬᠤ ᠶᠠᠪᠣᠴᠠ ᠶᠢ  ᠪᠡᠶᠡᠴᠢᠯᠡᠨ ᠣᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠥᠪᠡᠷ ᠤᠨ ᠠᠮᠢᠳᠤᠷᠠᠯ ᠢᠶᠠᠨ ᠪᠠᠶᠠᠯᠢᠭᠵᠢᠭᠤᠯᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ᠂ ᠣᠶ ᠮᠣᠳᠣ ᠶᠢ ᠠᠷᠠᠴᠢᠯᠠᠨ ᠬᠠᠮᠠᠭᠠᠯᠠᠬᠤ ᠵᠡᠷᠭᠡ ᠬᠤᠶᠢᠰᠢᠳᠠ ᠶᠢᠨ ᠠᠵᠢᠯ ᠳᠤ ᠢᠳᠡᠪᠬᠢᠳᠡᠢ ᠣᠷᠣᠯᠴᠠᠬᠤ ᠪᠠᠷ ᠬᠡᠯᠡᠯᠴᠡᠪᠡ᠃ ᠡᠭᠦᠨ ᠠᠴᠠ ᠭᠠᠳᠠᠨ᠎ᠠ᠂ ᠡᠯ᠎ᠡ ᠰᠤᠷᠭᠠᠭᠤᠯᠢ ᠥᠪᠡᠰᠦᠪᠡᠨ ᠰᠤᠷᠤᠭᠴᠢᠳ ᠢᠶᠠᠨ ᠵᠣᠬᠢᠶᠠᠨ ᠪᠠᠶᠢᠭᠤᠯᠵᠤ ᠳᠠᠷᠢᠵᠤ ᠤᠷᠭᠤᠭᠤᠯᠬᠤ ᠪᠠᠷ ᠭᠤᠤᠯ ᠰᠡᠳᠦᠪ ᠪᠣᠯᠭᠠᠭᠰᠠᠨ ᠵᠣᠬᠢᠶᠠᠯ ᠪᠦᠲᠦᠭᠡᠯ ᠤᠨ ᠤᠷᠤᠯᠳᠤᠭᠠᠨ᠂ ᠤᠷᠠᠨ ᠵᠢᠷᠤᠭ ᠤᠨ ᠤᠷᠤᠯᠳᠤᠭᠠᠨ᠂ ᠮᠡᠳᠡᠯᠭᠡ ᠶᠢᠨ ᠲᠠᠶᠢᠯᠤᠮᠵᠢ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠪᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号