ᠠᠯᠠᠱᠠ ᠵᠡᠭᠦᠨ ᠬᠤᠰᠢᠭᠤ ᠬᠥᠬᠡᠬᠤᠳᠠ ᠶᠢᠨ ᠰᠠᠶᠢᠬᠠᠨ ᠲᠣᠭᠤᠷᠢᠭ ᠤᠨ ᠰᠤᠷᠭᠠᠭᠤᠯᠢ ᠲᠠᠢ ᠰᠤᠷᠭᠠᠨ ᠬᠥᠮᠦᠵᠢᠯ ᠤᠨ ᠬᠠᠮᠵᠢᠯᠴᠠᠭ᠎ᠠ ᠪᠠᠨ ᠦᠷᠭᠦᠯᠵᠢᠯᠡᠭᠦᠯᠪᠡ
ᠨᠡᠶᠢᠲᠡᠯᠡᠭᠰᠡᠨ ᠴᠠᠭ᠄
2025/5/6
  ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ 10 ᠳᠡᠳ᠋ ᠵᠠᠬᠢᠷᠤᠯ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠯᠪᠣᠭᠠᠲᠤ ᠰᠤᠷᠭᠠᠭᠤᠯᠢ ᠳᠤ ᠲᠤᠰᠢᠶᠠᠯ ᠡᠭᠦᠷᠭᠡᠯᠡᠵᠦ ᠰᠣᠯᠢᠯᠴᠠᠵᠤ ᠰᠤᠷᠤᠯᠴᠠᠬᠤ ᠠᠶᠠᠯᠠᠯ ᠲᠡᠭᠦᠰ ᠠᠮᠵᠢᠯᠲᠠ ᠲᠠᠢ ᠥᠨᠳᠥᠷᠯᠡᠪᠡ᠃    ᠰᠤᠷᠭᠠᠭᠤᠯᠢ ᠶᠢᠨ ᠪᠡᠯᠡᠳᠬᠡᠯ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠺᠠᠳ᠋ᠷ ᠤᠨ  ᠳᠠᠪᠲᠠᠨ ᠪᠣᠯᠪᠠᠰᠤᠷᠠᠭᠤᠯᠬᠤ ᠠᠷᠭ᠎ᠠ ᠵᠠᠮ ᠢ ᠥᠷᠭᠡᠳᠬᠡᠨ᠂ ᠺᠠᠳ᠋ᠷ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠲᠤᠰᠬᠠᠶ ᠰᠡᠳᠦᠪᠲᠦ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠯᠪᠣᠭᠠᠲᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠬᠢᠴᠢᠶᠡᠯ ᠨᠡᠭᠡᠭᠡᠬᠦ ᠵᠡᠷᠭᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠶ ᠰᠤᠷᠤᠯᠴᠠᠭᠤᠯᠬᠤ ᠶᠢᠨ ᠲᠤᠯᠠᠳᠠ ᠺᠠᠳ᠋ᠷ ᠠᠵᠢᠯᠳᠠᠳ ᠢᠶᠠᠨ ᠰᠣᠩᠭᠤᠨ ᠲᠣᠮᠢᠯᠠᠪᠠ᠃     ᠺᠠᠳ᠋ᠷ ᠠᠵᠢᠯᠳᠠᠳ ᠲᠤᠰ ᠤᠳᠠᠭᠠᠨ ᠤ ᠪᠣᠯᠪᠠᠰᠤᠷᠠᠯ ᠠᠴᠠ ᠲᠠᠮᠵᠢᠨ ᠵᠢᠭᠠᠨ ᠰᠤᠷᠭᠠᠬᠤ ᠣᠶᠢᠯᠠᠭᠠᠭᠳᠠᠬᠤᠨ᠂ ᠵᠢᠭᠠᠨ ᠰᠤᠷᠭᠠᠬᠤ ᠠᠷᠭ᠎ᠠ ᠪᠣᠯᠤᠨ ᠵᠢᠭᠠᠨ ᠰᠤᠷᠭᠠᠬᠤ ᠬᠠᠮᠢᠶᠠᠷᠤᠯᠲᠠ ᠵᠡᠷᠭᠡ ᠲᠠᠯ᠎ᠠ ᠪᠠᠷ ᠮᠠᠰᠢ ᠶᠡᠭᠡ ᠰᠡᠩᠬᠡᠷᠡᠭᠦᠯᠦᠯ ᠣᠯᠵᠠᠢ᠃
   ᠲᠣᠰ ᠤᠳᠠᠭᠠᠨ ᠤ ᠠᠵᠢᠯᠯᠠᠭ᠎ᠠ ᠶᠢᠨ ᠣᠯᠤᠯᠲᠠ ᠶᠢᠨ ᠲᠤᠬᠠᠶ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠢᠦ ᠪᠢᠩ᠂ ᠲᠣᠰ ᠤᠳᠠᠭᠠᠨ ᠤ ᠰᠣᠯᠢᠯᠴᠠᠵᠤ ᠰᠤᠷᠤᠯᠴᠠᠬᠤ ᠠᠵᠢᠯᠯᠠᠭ᠎ᠠ ᠨᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠤ ᠮᠥᠷᠭᠦᠯᠳᠦᠯ ᠪᠠ ᠠᠭᠤᠰᠤᠯᠴᠠᠯ ᠮᠥᠨ᠂ ᠨᠠᠩ ᠴᠤ ᠬᠤᠶᠠᠷ ᠭᠠᠵᠠᠷ ᠤᠨ ᠪᠠᠭᠰᠢ ᠰᠤᠷᠤᠭᠴᠢᠳ ᠤᠨ ᠮᠡᠳᠡᠯᠭᠡ ᠲᠤᠷᠰᠢᠯᠭ᠎ᠠ ᠶᠢᠨ ᠰᠣᠯᠢᠯᠴᠠᠭᠠᠨ ᠳᠤᠮᠳᠠᠬᠢ ᠦᠰᠦᠨ ᠪᠤᠶᠢᠵᠢᠯᠳᠡ ᠮᠥᠨ᠃ ᠬᠤᠶᠢᠰᠢᠳᠠ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠡᠷᠭᠢᠯᠡᠬᠦ ᠲᠠᠯ᠎ᠠ ᠶᠢᠨ ᠢᠳᠡᠪᠬᠢᠲᠡᠶ ᠰᠦᠪᠡᠭᠴᠢᠯᠡᠯᠲᠡ ᠪᠠ ᠪᠣᠳᠠᠲᠠᠶ ᠪᠠᠶᠢᠷᠢᠯᠠᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠦᠬᠦᠯᠢ ᠴᠣᠭᠴᠠ ᠶᠢᠨ ᠰᠢᠯᠢᠳᠡᠭᠵᠢᠯᠲᠡ ᠪᠠ ᠰᠤᠷᠭᠠᠨ ᠬᠥᠮᠦᠵᠢᠯ ᠤᠨ ᠶᠠᠰᠤ ᠴᠢᠨᠠᠷ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠦᠲᠦᠮᠵᠢᠲᠡᠶ ᠠᠬᠢᠭᠤᠯᠤᠨ᠎ᠡ ᠭᠡᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号