| ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠲᠤᠰ ᠭᠠᠵᠠᠷ ᠤᠨ ᠡᠯᠪᠡᠭ ᠪᠠᠶᠠᠯᠢᠭ ᠲᠡᠦᠬᠡ ᠰᠣᠶᠣᠯ | ᠪᠠ ᠵᠢᠭᠤᠯᠴᠢᠯᠠᠯ ᠤᠨ ᠡᠬᠢ ᠰᠤᠷᠪᠤᠯᠵᠢ ᠶᠢ ᠠᠭᠤᠳᠠᠯᠠᠵᠤ᠂ ︽ᠪᠣᠳᠠᠰ ᠤᠨ ᠪᠤᠰᠤ ᠰᠣᠶᠣᠯ ᠤᠨ ᠥᠪ + | ᠰᠤᠶᠥᠯ ᠤᠨ ᠡᠭᠦᠳᠡᠯᠲᠡ︾ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠤ᠂ ᠰᠣᠶᠣᠯ ᠢᠶᠠᠷ ᠴᠢᠳᠠᠪᠤᠷᠢ ᠶᠢ ᠣᠯᠭᠤᠵᠤ᠂ ᠰᠣᠶᠣᠯ ᠢᠶᠠᠷ ᠬᠥᠮᠥᠨ ᠢ ᠰᠣᠶᠣᠷᠬᠠᠵᠤ᠂ ᠰᠣᠶᠣᠯ ᠢᠶᠠᠷ | ᠦᠢᠯᠡᠰ ᠢ ᠳᠡᠯᠭᠡᠷᠡᠭᠦᠯᠵᠤ᠂ ᠤᠮᠠᠷᠠᠲᠤ ᠬᠢᠯᠢ ᠶᠢᠨ ᠰᠤᠶᠤᠯ ᠤᠨ ᠦᠵᠡᠭᠦᠯᠦᠯᠭᠡ ᠶᠢᠨ ᠤᠯᠠᠨ ᠲᠠᠯ᠎ᠠ ᠶᠢᠨ ᠷᠢᠳᠢ | ᠰᠢᠳᠢ ᠶᠢ ᠢᠯᠡᠷᠡᠭᠦᠯᠪᠡ᠃ | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ᠂ | ᠪᠥᠵᠢᠭ ᠤᠨ ᠠᠩᠭᠢ ᠶᠢᠨ ᠭᠡᠰᠢᠭᠦᠳ ᠶᠠᠭ ᠰᠢᠨ᠎ᠡ ᠵᠣᠬᠢᠶᠠᠨ ᠪᠦᠲᠦᠭᠡᠭᠰᠡᠨ ᠮᠣᠩᠭᠤᠯ ᠦᠨᠳᠦᠰᠦᠲᠡᠨ ᠤ ᠣᠲᠣ | ᠦᠶ᠎ᠡ ᠶᠢᠨ ᠪᠥᠵᠢᠭ ︽ᠬᠠᠴᠠᠷ ᠢ ᠢᠯᠪᠢᠭᠰᠡᠨ ᠵᠥᠭᠡᠯᠡᠨ ᠰᠠᠯᠬᠢ︾ ᠪᠠᠨ ᠶᠠᠭᠠᠷᠠᠯᠲᠠᠶ ᠪᠣᠯᠪᠠᠰᠤᠷᠠᠵᠤ ᠪᠠᠶᠢᠯ᠎ᠠ᠃ | ᠲᠣᠰ ᠪᠦᠲᠦᠭᠡᠯ ᠨᠢ ᠲᠠᠯ᠎ᠠ ᠨᠤᠲᠤᠭ ᠤᠨ ᠬᠡᠪ ᠨᠠᠮᠪᠠ ᠪᠠᠷ ᠪᠢᠯᠢᠭ ᠰᠡᠷᠡᠯ ᠪᠣᠯᠭᠠᠵᠤ᠂ ᠤᠯᠠᠮᠵᠢᠯᠠᠯᠲᠤ ᠪᠥᠵᠢᠭ ᠤᠨ | ᠠᠶᠢᠵᠠᠮ ᠪᠠ ᠣᠲᠣ ᠦᠶ᠎ᠡ ᠶᠢᠨ ᠪᠥᠵᠢᠭ ᠨᠠᠶᠢᠷᠠᠭᠤᠯᠬᠤ ᠤᠷ᠎ᠠ ᠮᠡᠷᠭᠡᠵᠢᠯ ᠢ ᠠᠭᠤᠰᠤᠯᠴᠠᠭᠤᠯᠵᠤ᠂ ᠠᠯᠠᠱᠠ | ᠨᠣᠳᠤᠭ ᠤᠨ ᠰᠦᠷ ᠵᠢᠪᠬᠤᠭ᠎ᠠ ᠪᠠ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ | | | | ᠡᠨᠡ ᠵᠢᠯ᠂ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ | ᠤᠷᠠᠯᠢᠭ ᠢᠶᠠᠷ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ︽ᠡᠭᠦᠳᠦᠨ ᠪᠦᠲᠦᠭᠡᠬᠦ︾ ᠡᠷᠴᠢᠮ ᠢᠶᠠᠨ | ᠴᠢᠩᠭᠠᠷᠠᠭᠤᠯᠵᠤ᠂ ᠵᠢᠯ ᠤᠨ ᠳᠣᠲᠣᠷ᠎ᠠ ᠣᠯᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ | ︽ᠬᠥᠳᠡᠭᠡ ᠲᠠᠯ᠎ᠠ ᠬᠥᠬᠡ ᠣᠭᠲᠠᠷᠭᠤᠶ︾᠂ ︽ᠲᠡᠭᠷᠢ ᠶᠢᠨ ᠪᠣᠲᠤᠭᠠ︾᠂ ︽ᠬᠠᠴᠠᠷ ᠢ ᠢᠯᠪᠢᠭᠰᠡᠨ ᠵᠥᠭᠡᠯᠡᠨ | ᠰᠠᠯᠬᠢ︾ ᠵᠡᠷᠭᠡ ᠰᠠᠨᠰᠠᠷ ᠤᠨ ᠠᠶᠠᠯᠠᠯ ᠤᠨ ᠰᠡᠳᠦᠪ᠂ ᠠᠮᠢ ᠠᠬᠤᠶ ᠶᠢᠨ ᠰᠡᠳᠦᠪᠲᠦ ᠰᠢᠨ᠎ᠡ ᠵᠦᠴᠦᠭᠡ ᠶᠢ | ᠭᠤᠤᠯᠳᠠᠯᠭ᠎ᠠ ᠲᠠᠢ ᠪᠦᠲᠦᠭᠡᠵᠦ᠂ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠪᠠ ᠪᠡᠯᠭᠡ ᠲᠡᠮᠳᠡᠭ ᠢ ᠰᠣᠶᠣᠯ ᠤᠨ | ᠰᠠᠭᠤᠷᠢᠨ ᠭᠠᠵᠠᠷ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠪᠥᠬᠦ ᠲᠠᠯ᠎ᠠ ᠪᠠᠷ ᠰᠢᠭᠢᠳᠬᠡᠨ ᠣᠷᠣᠭᠤᠯᠬᠤ ᠪᠠᠷ | ᠲᠥᠯᠥᠪᠯᠡᠵᠦ ᠪᠣᠶ᠃ | ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ | ᠪᠦᠷᠢᠯᠳᠦᠬᠦᠨ ᠬᠡᠰᠡᠭ ᠪᠣᠯᠬᠤ ᠪᠥᠭᠡᠳ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠠᠴᠢᠶᠠᠯᠠᠪᠤᠷᠢ ᠶᠢᠨ ᠨᠢᠭᠡ | ᠪᠣᠯᠤᠨ᠎ᠠ᠃ ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠷᠠᠰᠤᠨ ᠰᠡᠶᠢᠯᠦᠮᠡᠯ ᠤᠨ | ᠤᠷᠠᠯᠢᠭ ᠤᠨ ᠤᠯᠠᠮᠵᠢᠯᠠᠨ ᠵᠠᠯᠭᠠᠮᠵᠢᠯᠠᠬᠤ ᠰᠤᠳᠤᠯᠭᠠᠨ ᠤ ᠦᠵᠡᠭᠦᠯᠦᠯᠭᠡ ᠶᠢᠨ ᠲᠥᠪ ᠲᠤ᠂ ᠤᠯᠠᠮᠵᠢᠯᠠᠯᠲᠤ ᠠᠷᠠᠰᠤᠨ | ᠡᠳ᠋ᠯᠡᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠶᠠᠭ ᠱᠠᠪᠢ ᠨᠠᠷ ᠲᠤ ᠪᠠᠨ ᠠᠷᠠᠰᠤᠨ ᠰᠡᠶᠢᠯᠦᠮᠡᠯ ᠤᠨ ᠭᠠᠷ | ᠤᠷᠠᠯᠠᠯ ᠤᠨ ᠪᠦᠲᠦᠭᠡᠭᠳᠡᠬᠦᠨ ᠬᠢᠬᠦ ᠶᠢ ᠵᠢᠭᠠᠵᠤ ᠪᠠᠶᠢᠯ᠎ᠠ᠃ | | | | ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠨ ᠤᠯᠠᠮᠵᠢᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ | ᠲᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠰᠤᠩᠭᠤᠨ ᠲᠣᠭᠲᠠᠭᠠᠬᠤ᠂ ︽ᠪᠣᠳᠠᠰ ᠤᠨ ᠪᠤᠰᠤ ᠰᠣᠶᠣᠯ ᠤᠨ ᠥᠪ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠣᠩᠭᠤᠯ | ᠦᠨᠳᠦᠰᠦᠲᠡᠨ ᠤ ᠮᠣᠷᠢᠨ ᠤ ᠡᠳ᠋ᠯᠡᠯ ᠦᠢᠯᠡᠳᠬᠦ ᠤᠷ᠎ᠠ ᠮᠡᠷᠭᠡᠰᠢᠯ᠂ ᠠᠯᠠᠱᠠ ᠶᠢᠨ ᠤᠷᠲᠤ ᠶᠢᠨ ᠳᠠᠭᠤᠤ ᠵᠡᠷᠭᠡ | ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ 6 ᠲᠥᠷᠥᠯ ᠵᠦᠢᠯ ᠢ ᠠᠮᠵᠢᠯᠲᠠ ᠲᠠᠢ | ᠭᠤᠶᠤᠴᠢᠯᠠᠨ ᠮᠡᠳᠡᠭᠦᠯᠵᠦ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠵᠠᠯᠭᠠᠮᠵᠢᠯᠠᠭᠴᠢ 8 ᠪᠣᠶ᠃ ᠡᠭᠦᠨ ᠤ ᠬᠠᠮᠲᠤ᠂ ᠪᠣᠳᠠᠰ ᠤᠨ ᠪᠤᠰᠤ ᠰᠣᠶᠣᠯ ᠤᠨ ᠥᠪ ᠤᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠨᠠᠷᠠᠲᠤ | ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠤ | ᠵᠠᠬ᠎ᠠ ᠳᠡᠯᠭᠡᠭᠦᠷᠴᠢᠯᠡᠬᠦ ᠶᠢ ᠳᠥᠯᠭᠢᠨ ᠠᠬᠢᠭᠤᠯᠵᠤ᠂ ᠡᠷᠲᠡᠨ ᠤ ᠣᠶᠤᠨ ᠤᠬᠠᠭᠠᠨ ᠬᠢᠭᠡᠳ ᠴᠠᠭ ᠦᠶ᠎ᠡ ᠶᠢᠨ ᠵᠣᠷᠢᠭ | ᠰᠠᠨᠠᠭ᠎ᠠ ᠶᠢ ᠵᠡᠷᠭᠡ ᠪᠠᠷ ᠴᠤᠤᠷᠢᠶᠠᠲᠤᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠥᠲᠥᠭᠡᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠲᠦᠷᠦᠭᠦᠬᠡᠨ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠳᠥᠷᠪᠡᠳᠦᠭᠡᠷ ᠪᠦᠯᠦᠭ ᠤᠨ ᠤᠯᠤᠰ ᠤᠨ | ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠨᠡᠷᠡᠰ ᠢ ᠵᠢᠩᠬᠢᠨᠢ ᠪᠠᠷ ᠨᠡᠶᠢᠲᠡᠯᠡᠵᠦ᠂ ᠠᠯᠠᠱᠠ | ᠵᠡᠭᠦᠨ ᠬᠤᠰᠢᠭᠤᠨ ᠤ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠵᠢᠭᠤᠯᠴᠢᠯᠠᠯ ᠤᠨ ᠵᠡᠭᠡᠯᠢ ᠲᠣᠭᠤᠷᠢᠭ ᠨᠢ ᠭᠦᠨ | ᠵᠤᠵᠠᠭᠠᠨ ᠲᠡᠦᠬᠡ ᠰᠣᠶᠣᠯ ᠤᠨ ᠠᠭᠤᠯᠬᠤᠨ᠂ ᠥᠪᠡᠷᠮᠢᠴᠡ ᠭᠠᠵᠠᠷ ᠣᠷᠣᠨ ᠤ ᠣᠨᠴᠠᠯᠢᠭ ᠪᠠ ᠡᠯᠪᠡᠭ ᠪᠠᠶᠠᠯᠢᠭ | ᠵᠢᠭᠤᠯᠴᠢᠯᠠᠯ ᠰᠡᠯᠡᠭᠦᠴᠡᠯ ᠤᠨ ᠥᠩᠭᠡᠷᠡᠯᠲᠡ ᠪᠠᠷ ᠮᠠᠰᠢ ᠣᠯᠠᠨ ᠰᠢᠯᠭᠠᠷᠠᠭᠤᠯᠤᠯᠲᠠ ᠳᠤ ᠣᠷᠣᠯᠴᠠᠭᠰᠠᠨ ᠵᠡᠭᠡᠯᠢ | ᠲᠣᠭᠤᠷᠢᠭ ᠠᠴᠠ ᠴᠣᠯᠭᠤᠷᠠᠨ ᠭᠠᠷᠪᠠ᠃ ᠴᠢᠩ ᠤᠯᠤᠰ ᠤᠨ ᠨᠠᠶᠢᠷᠠᠯᠲᠤ ᠲᠥᠪ ᠤᠨ ᠦᠶ᠎ᠡ ᠳᠤ ᠪᠠᠶᠢᠭᠤᠯᠤᠭᠳᠠᠭᠰᠠᠨ | ᠪᠠᠷᠠᠭᠤᠨ ᠬᠤᠶᠢᠲᠤ ᠶᠢᠨ ᠴᠡᠷᠢᠭ ᠤᠨ ᠶᠠᠪᠤᠳᠠᠯ ᠤᠨ ᠴᠢᠬᠤᠯᠠ ᠪᠠᠯᠭᠠᠰᠤ ᠪᠠᠶᠢᠭᠰᠠᠨ ᠬᠤᠯᠠᠳᠠᠬᠢᠨ ᠢ ᠲᠣᠭᠲᠠᠭᠠᠭᠴᠢ | ᠬᠤᠷᠢᠶ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠣᠨᠴᠠᠯᠢᠭᠲᠤ ᠢᠳᠡᠭᠡᠨ ᠤᠮᠳᠠᠭᠠᠨ᠂ | ᠰᠣᠶᠣᠯ ᠤᠨ ᠡᠭᠦᠳᠦᠯᠲᠡ ᠶᠢᠨ ᠵᠠᠬ᠎ᠠ ᠳᠡᠯᠭᠡᠭᠦᠷ ᠵᠡᠷᠭᠡ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠲᠥᠷᠥᠯ ᠵᠦᠢᠯ ᠢ ᠤᠶᠠᠯᠳᠤᠭᠤᠯᠵᠤ᠂ ᠤᠮᠠᠷᠠᠲᠤ ᠬᠢᠯᠢ ᠶᠢᠨ ᠰᠣᠶᠣᠯ ᠢ ᠳᠡᠯᠭᠡᠨ ᠦᠵᠡᠭᠦᠯᠬᠦ ᠰᠢᠨ᠎ᠡ ᠴᠣᠩᠬᠤ | ᠪᠣᠯᠤᠭᠰᠠᠨ ᠪᠠᠶᠢᠨ᠎ᠠ᠃ | | | | ᠠᠭᠤᠷ ᠠᠮᠢᠰᠭᠤᠯ ᠠᠭᠠᠵᠢᠮ ᠢᠶᠠᠷ ᠳᠤᠯᠠᠭᠠᠷᠠᠬᠤ ᠶᠢ ᠳᠠᠭᠠᠯᠳᠤᠨ᠂ ᠠᠯᠠᠱᠠ ᠵᠡᠭᠦᠨ ᠬᠤᠰᠢᠭᠤᠨ ᠤ | ᠵᠢᠭᠤᠯᠴᠢᠯᠠᠯ ᠤᠨ ᠦᠢᠯᠡᠰ ᠴᠦ ᠠᠭᠠᠵᠢᠮ ᠢᠶᠠᠷ ᠰᠡᠷᠭᠦᠪᠡ᠃ ︽ᠲᠠᠪᠤᠨ ᠨᠠᠭᠤᠷ ᠢ ᠰᠢᠪᠲᠤᠯᠬᠤ︾ ︽ᠳᠡᠯᠡᠬᠡᠶ ᠶᠢᠨ | ᠪᠥᠮᠪᠥᠷᠴᠡᠭ ᠤᠨ ᠵᠢᠷᠦᠬᠡ︾ ᠵᠡᠷᠭᠡ ᠡᠯᠡᠰᠦᠨ ᠴᠥᠯ ᠤᠨ ᠵᠢᠭᠤᠯᠴᠢᠯᠠᠯ ᠤᠨ ᠲᠥᠷᠥᠯ ᠵᠦᠢᠯ ᠨᠢ ᠡᠯᠡᠰᠦᠨ ᠴᠥᠯ ᠤᠨ | ᠵᠢᠭᠤᠯᠴᠢᠯᠠᠯ ᠤᠨ ᠡᠬᠢ ᠪᠠᠶᠠᠯᠢᠭ ᠪᠠ ᠠᠯᠬᠤᠮ ᠠᠯᠬᠤᠮ ᠢᠶᠠᠷ ᠪᠣᠯᠪᠠᠰᠤᠷᠠᠩᠭᠤᠶ ᠵᠢᠭᠤᠯᠴᠢᠯᠠᠯ ᠤᠨ ᠵᠠᠮ ᠱᠤᠭᠤᠮ ᠳᠤ | ᠲᠦᠰᠢᠭᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠱᠣᠬᠤᠷᠬᠠᠯ ᠲᠠᠰᠢᠶᠠᠯᠠᠯ ᠢ | ᠤᠯᠤᠭᠰᠠᠨ ᠪᠠᠶᠢᠨ᠎ᠠ᠃ | | | | | ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ | ᠡᠷᠲᠡᠨ ᠤ ᠬᠤᠲᠠ᠂ ᠱᠠᠰᠢᠨ ᠪᠠᠳᠠᠷᠠᠭᠤᠯᠤᠭᠴᠢ ᠰᠦᠮ᠎ᠡ ᠵᠡᠷᠭᠡ ᠲᠡᠦᠬᠡ ᠰᠣᠶᠣᠯ ᠤᠨ ᠭᠠᠵᠠᠷ ᠤᠳ ᠢᠶᠠᠷ ᠲᠦᠰᠢᠭ | ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠭᠤᠤᠯ ᠰᠡᠳᠦᠪᠲᠦ ᠵᠠᠮ ᠱᠤᠭᠤᠮ ᠢ ᠢᠳᠡᠪᠬᠢᠲᠡᠶ ᠪᠣᠶ | ᠪᠣᠯᠭᠠᠵᠤ᠂ ︽ᠰᠣᠶᠣᠯ ᠢᠶᠠᠷ ᠬᠥᠲᠥᠯᠦᠨ ᠳᠠᠭᠠᠭᠤᠯᠬᠤ᠂ ᠠᠵᠤ ᠦᠢᠯᠡᠰ ᠢᠶᠠᠷ ᠬᠤᠯᠪᠣᠭᠠᠯᠠᠨ ᠬᠥᠳᠡᠯᠦᠯᠴᠡᠬᠦ᠂ ᠪᠥᠬᠦ | ᠴᠠᠷᠠᠭ᠎ᠠ ᠪᠠᠷ ᠪᠡᠶᠡᠴᠢᠯᠡᠨ ᠣᠶᠢᠯᠠᠭᠠᠬᠤ︾ ᠰᠣᠶᠣᠯ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠪᠠᠶᠢᠭᠤᠯᠵᠤ᠂ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠵᠡᠷᠭᠡ ᠣᠨᠴᠠᠯᠢᠭᠲᠤ IP ᠶᠢ ᠠᠮᠵᠢᠯᠲᠠ ᠲᠠᠢ ᠪᠤᠶᠢᠵᠢᠭᠤᠯᠵᠤ᠂ | ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠯᠲᠠ ᠬᠢᠭᠡᠳ ᠵᠢᠭᠤᠯᠴᠢᠯᠠᠯ ᠤᠨ ᠠᠵᠤ ᠦᠢᠯᠡᠰ ᠤᠨ | ᠲᠠᠰ ᠳᠡᠪᠰᠢᠬᠦ ᠬᠤᠤᠰ ᠠᠮᠵᠢᠯᠲᠠ ᠶᠢ ᠪᠡᠶᠡᠯᠡᠭᠦᠯᠪᠡ᠃ | | | | | | | | |