| ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠯᠪᠠᠨ ᠤ | ᠸᠢᠴᠠᠲ ᠲᠠᠪᠴᠠᠩ ︽ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ︾ ᠳᠤ DeepSeek ᠤᠨ ᠶᠡᠭᠡ ᠵᠠᠭᠪᠤᠷ ᠲᠤ ᠰᠠᠭᠤᠷᠢᠯᠠᠭᠰᠠᠨ ︽ | ᠲᠡᠮᠡᠭᠡ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠠᠷᠭᠠᠪᠠ᠃ ︽ᠲᠡᠮᠡᠭᠡ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠰᠦᠯᠵᠢᠶᠡᠨ ᠳᠤ ᠭᠠᠷᠤᠭᠰᠠᠨ ᠨᠢ ᠠᠯᠠᠱᠠ ᠵᠡᠭᠦᠨ ᠬᠤᠰᠢᠭᠤ ︽AI ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠬᠠᠶᠢᠨ ᠰᠦᠪᠡᠭᠴᠢᠯᠡᠬᠦ ᠶᠠᠪᠣᠴᠠ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ | ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ | ᠠᠵᠢᠯᠯᠠᠭᠠᠨ ᠤ ᠳᠥᠬᠦᠮ ᠴᠢᠨᠠᠷ ᠤᠨ ᠲᠠᠯ᠎ᠠ ᠪᠠᠷ | ᠬᠡᠷᠡᠭᠯᠡᠭᠴᠢ ᠳᠣᠣᠷ᠎ᠠ ᠲᠠᠯ᠎ᠠ ᠶᠢᠨ ᠪᠠᠭ᠎ᠠ ᠫᠷᠣᠭ᠍ᠭ᠍ᠷᠠᠮ ᠤᠨ ᠬᠤᠶᠠᠷ ᠬᠡᠮᠵᠢᠯᠳᠦ ᠺᠣᠳ᠋ ᠢ ᠰᠢᠷᠪᠢᠨ᠎ᠡ | | ᠡᠰᠡᠬᠦᠯ᠎ᠡ ︽ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ︾ ᠶᠢᠨ ᠸᠢᠴᠠᠲ ᠲᠠᠪᠴᠠᠩ ᠳᠤ ᠣᠷᠣᠵᠤ᠂ ︽ᠪᠢᠴᠢᠯ ᠵᠠᠰᠠᠭ ᠤᠨ | ᠶᠠᠪᠤᠳᠠᠯ︾ ᠢ ᠲᠣᠪᠰᠢᠵᠤ᠂ ᠳᠠᠬᠢᠨ ︽ᠲᠡᠮᠡᠭᠡ ᠵᠠᠭᠤᠨ ᠶᠠᠪᠤᠳᠠᠯ︾ ᠢ ᠰᠣᠩᠭᠤᠪᠠᠯ ᠳᠠᠷᠤᠢ ᠣᠶᠤᠨᠴᠢ | ᠦᠢᠯᠡᠴᠢᠯᠡᠭᠡ ᠶᠢ ᠰᠠᠭᠠᠳ ᠦᠭᠡᠢ ᠡᠳ᠋ᠯᠡᠵᠦ ᠪᠣᠯᠤᠨ᠎ᠠ᠃ | | | | | ︽ᠲᠡᠮᠡᠭᠡ AI︾ ᠨᠢ ᠳᠣᠣᠷᠠᠬᠢ ᠢᠯᠡᠷᠬᠡᠢ ᠳᠠᠪᠠᠭᠤᠯᠢᠭ ᠲᠠᠯ᠎ᠠ ᠲᠠᠢ᠄ | ᠨᠢᠭᠡ᠂ 365 ᠡᠳᠦᠷ × 24 ᠴᠠᠭ ᠦᠷᠭᠦᠯᠵᠢᠯᠡᠨ ᠠᠵᠢᠯᠯᠠᠨ᠎ᠠ᠃ | ᠬᠤᠶᠠᠷ᠂ ᠨᠠᠷᠢᠯᠢᠭ ᠣᠨᠣᠪᠴᠢᠲᠠᠢ ᠢᠯᠭᠠᠨ ᠲᠠᠨᠢᠵᠤ᠂ ᠲᠦᠷᠭᠡᠨ ᠰᠢᠢᠳᠪᠦᠷᠢᠯᠡᠨ᠎ᠡ᠃ | ᠭᠤᠷᠪᠠ᠂ ᠵᠠᠰᠠᠭ ᠤᠨ ᠶᠠᠪᠤᠳᠠᠯ ᠤᠨ ᠠᠰᠠᠭᠤᠯᠲᠠ ᠪᠦᠬᠦᠨ ᠢ ᠪᠦᠭᠦᠳᠡ ᠬᠠᠷᠢᠭᠤᠯᠤᠨ᠎ᠠ᠃ | ᠬᠤᠶᠢᠰᠢᠳᠠ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠪᠣᠳᠠᠲᠠᠢ ᠪᠠᠶᠢᠳᠠᠯ ᠳᠤ ᠰᠠᠭᠤᠷᠢᠯᠠᠨ᠂ ᠲᠣᠮᠣ ᠳ᠋ᠠᠶᠢᠲ᠋ᠠ ᠶᠢ | ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ︽ᠲᠡᠮᠡᠭᠡ AI︾ ᠢᠶᠠᠷ | ᠡᠬᠢᠯᠡᠯᠲᠡ ᠪᠣᠯᠭᠠᠵᠤ᠂ ᠨᠡᠩ ᠣᠯᠠᠨ ᠣᠶᠤᠨᠴᠢᠯᠠᠭᠰᠠᠨ ᠬᠡᠷᠡᠭᠯᠡᠭᠡ ᠪᠠᠨ ᠲᠠᠰᠤᠷᠠᠯᠲᠠ ᠦᠭᠡᠢ ᠥᠷᠭᠡᠳᠭᠡᠨ᠂ ᠲᠤᠭ᠎ᠠ | ᠪᠠᠷᠢᠮᠲᠠ ᠶᠢ ᠢᠯᠡᠭᠦᠬᠡᠨ ᠠᠰᠢᠭᠯᠠᠵᠤ᠂ ᠣᠯᠠᠨ ᠲᠦᠮᠡᠨ ᠳᠤ ᠦᠨᠡᠨᠬᠦ ᠠᠰᠢᠭ ᠬᠦᠷᠳᠡᠭᠡᠵᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠯᠦᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ | ᠴᠢᠳᠠᠪᠤᠷᠢ ᠪᠠᠨ ᠨᠡᠩ ᠢᠯᠡᠭᠦᠦ ᠳᠡᠭᠡᠭᠰᠢᠯᠡᠭᠦᠯᠵᠤ᠂ ᠴᠣ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠨ᠎ᠠ᠃ | | | |