ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2025/5/7
              ᠪᠠᠷᠢᠮᠲᠠᠵᠢᠭᠤᠯᠤᠭᠰᠠᠨ ᠳ᠋ᠤᠭᠠᠷ᠄  11152921790192595R/2025-00639     ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ     ᠢᠯᠡ ᠲᠣᠳᠣ ᠨᠡᠶᠢᠲᠡᠯᠡᠭᠰᠡᠨ ᠠᠩᠭᠢᠯᠠᠯ᠄  ᠵᠠᠪᠠᠯ ᠢᠯᠡ ᠲᠣᠳᠣ ᠨᠡᠭᠡᠭᠡᠯᠲᠡ ᠲᠠᠢ ᠪᠠᠶᠢᠬᠤ     ᠠᠩᠭᠢᠯᠠᠯ᠄  ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ     ᠪᠠᠷᠢᠮᠲᠠ ᠪᠢᠴᠢᠭ ᠤᠨ ᠳ᠋ᠤᠭᠠᠷ᠄      ᠪᠠᠲᠤᠯᠠᠭᠳᠠᠭᠰᠠᠨ ᠴᠠᠭ ᠬᠤᠭᠤᠴᠠᠭ᠎ᠠ᠄  2025 ︱ 04 ︱ 25     ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄      ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠤᠯᠠᠮᠵᠢᠯᠠᠨ ᠲᠠᠷᠬᠠᠭᠠᠭᠰᠠᠨ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ     ᠨᠡᠶᠢᠲᠡᠯᠡᠭᠰᠡᠨ ᠡᠳᠦᠷ ᠬᠤᠭᠤᠴᠠᠭ᠎ᠠ᠄  2025 ︱ 04 ︱ 25 09᠄  40᠎ ᠶᠢᠨ ᠭᠦᠶᠦᠯᠭᠡᠨ ᠦᠵᠡᠭᠰᠡᠨ ᠤᠳᠠᠭ᠎ᠠ᠄  21     ᠬᠠᠪᠰᠤᠷᠤᠯᠲᠠ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠎ ᠶᠢ ᠬᠡᠪᠯᠡᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠮᠡᠳᠡᠭᠳᠡᠯ     ᠬᠠᠪᠰᠤᠷᠤᠯᠲᠠ᠄       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠎ ᠶᠢ ᠬᠡᠪᠯᠡᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠮᠡᠳᠡᠭᠳᠡᠯ         ᠡᠯ᠎ᠡ ᠠᠶᠢᠮᠠᠭ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠪᠠᠷᠢᠬᠤ ᠲᠣᠪᠴᠢᠶ᠎ᠠ ᠳᠤ᠄           ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠎ ᠶᠢ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠯᠠᠪᠯᠠᠯᠲᠠ ᠪᠣᠯᠭᠠᠨ ᠬᠡᠷᠡᠭᠵᠢᠭᠦᠯᠲᠦᠭᠡᠢ᠃                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ         2024 ᠣᠨ ᠤ 12 ᠳ᠋ᠤᠭᠠᠷ ᠰᠠᠷ᠎ᠠ ᠶᠢᠨ 30᠎ ᠤ ᠡᠳᠦᠷ                  ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ︶᠎          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ         ᠨᠡᠶᠢᠭᠡᠮ ᠤᠨ ᠬᠢᠨᠠᠭᠴᠢ ᠶᠢᠨ ᠬᠠᠮᠢᠶᠠᠷᠤᠯᠲᠠ ᠶᠢᠨ ᠲᠤᠷ ᠬᠡᠷᠡᠭᠵᠢᠭᠦᠯᠬᠦ ᠠᠷᠭ᠎ᠠ         ᠨᠢᠭᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠨᠡᠶᠢᠭᠡᠮ ᠤᠨ ᠬᠢᠨᠠᠯᠲᠠ ᠲᠠᠯᠪᠢᠬᠤ  ᠶᠢ ᠴᠢᠩᠭᠠᠳᠬᠠᠬᠤ ᠵᠣᠷᠢᠯᠭ᠎ᠠ ᠪᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ  ᠶᠢ ᠠᠬᠢᠭᠤᠯᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ᠂ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠲᠣᠭᠲᠠᠭᠠᠯ︾᠎  ᠵᠡᠷᠭᠡ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃         ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ ᠲᠠᠯᠪᠢᠭᠴᠢ ︵᠎  ᠳᠣᠷᠣᠭᠰᠢ ᠨᠡᠶᠢᠭᠡᠮ ᠤᠨ ᠬᠢᠨᠠᠯᠲᠠ ᠲᠠᠯᠪᠢᠭᠴᠢ ᠭᠡᠵᠦ ᠲᠣᠪᠴᠢᠯᠠᠨ᠎ᠠ︶᠎  ᠭᠡᠳᠡᠭ ᠪᠣᠯ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠨᠢᠯᠴᠠᠭᠤᠯᠬᠤ ᠪᠤᠶᠤ ᠤᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠠᠵᠢᠯ ᠲᠥᠷᠥᠯ᠂ ᠡᠯ᠎ᠡ ᠬᠦᠷᠢᠶᠡᠨ ᠤ ᠨᠡᠶᠢᠭᠡᠮ ᠤᠨ ᠣᠯᠠᠨ ᠨᠡᠶᠢᠲᠡ ᠶᠢᠨ ᠳᠤᠮᠳᠠ ᠎ ᠠᠴᠠ ᠤᠷᠢᠨ ᠲᠣᠮᠢᠯᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯ ᠢ ᠬᠠᠪᠰᠤᠷᠭᠠᠨ ᠬᠢᠵᠦ ᠪᠠᠶᠢᠭ᠎ᠠ ᠠᠵᠢᠯᠲᠠᠨ ᠪᠣᠯᠣᠨ᠎ᠠ᠃         ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠵᠢᠯᠲᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠪᠣᠯᠵᠤ ᠪᠣᠯᠬᠤ ᠦᠭᠡᠢ᠃         ᠭᠤᠷᠪᠠᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠵᠤ ᠲᠣᠮᠢᠯᠠᠬᠤ ᠳᠠᠭᠠᠨ ᠢᠯᠡ ᠲᠣᠳᠣ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠨ᠂ ᠠᠷᠭ᠎ᠠ ᠵᠠᠮ ᠥᠷᠭᠡᠨ᠂ ᠬᠦᠷᠢᠶ᠎ᠡ ᠬᠡᠪᠴᠢᠶ᠎ᠡ ᠥᠷᠭᠡᠨ᠂ ᠠᠵᠢᠯᠲᠠᠨ ᠰᠢᠯᠢᠳᠡᠭ ᠪᠠᠶᠢᠬᠤ ᠵᠠᠷᠴᠢᠮ ᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠠᠴᠠ ᠵᠣᠬᠢᠬᠤ ᠬᠠᠷᠢᠴᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠵᠤ ᠦᠢᠯᠡᠳᠪᠦᠷᠢ ᠬᠤᠳᠠᠯᠳᠤᠭ᠎ᠠ ᠠᠵᠤ ᠠᠬᠤᠶᠢᠯᠠᠯ ᠤᠨ ᠠᠵᠢᠯᠯᠠᠭᠴᠢ᠂ ᠨᠡᠶᠢᠭᠡᠮ ᠤᠨ ᠦᠨᠳᠦᠰᠦᠨ ᠱᠠᠲᠤᠨ ᠤ ᠠᠵᠢᠯᠲᠠᠨ ᠢ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠩᠨᠡᠭᠡᠨ ᠳᠤ ᠣᠷᠣᠭᠤᠯᠬᠤ ᠶᠢ ᠴᠢᠬᠤᠯᠠᠴᠢᠯᠠᠬᠤ ᠬᠡᠷᠡᠭᠲᠡᠢ᠃         ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ  ᠤ ᠡᠯ᠎ᠡ ᠱᠠᠲᠤᠨ  ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ  ᠤ ᠰᠠᠯᠠᠭ᠎ᠠ ᠮᠥᠴᠢᠷ ᠤᠳ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠭᠡᠮ  ᠤᠨ ᠬᠢᠨᠠᠯᠲᠠ ᠲᠠᠯᠪᠢᠭᠴᠢᠳ  ᠤᠨ ᠡᠳᠦᠷ ᠲᠤᠳᠤᠮ ᠎ ᠤᠨ ᠬᠠᠮᠢᠶᠠᠷᠤᠯᠲᠠ ᠶᠢᠨ ᠠᠵᠢᠯ  ᠢ ᠬᠠᠮᠲᠤᠪᠠᠷ ᠰᠠᠶᠢᠲᠤᠷ ᠭᠦᠢᠴᠡᠳᠬᠡᠬᠦ ᠬᠡᠷᠡᠭᠲᠡᠢ᠃         ᠲᠠᠪᠤᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠳᠠᠷᠠᠭᠠᠬᠢ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄           ︵ᠨᠢᠭᠡ︶᠎ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠯᠲᠠ ᠪᠠᠲᠤ ᠪᠠᠶᠢᠵᠤ᠂ ᠨᠠᠮ ᠤᠨ ᠤᠨᠤᠯ᠂ ᠱᠤᠭᠤᠮ ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠬᠦᠷᠢᠶᠡᠯᠡᠨ᠎ᠡ︔᠎           ︵ᠬᠤᠶᠠᠷ︶᠎  ᠨᠡᠯᠢᠶᠡᠳ ᠥᠨᠳᠥᠷ ᠲᠦᠷᠦ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠ ᠨᠡᠯᠢᠶᠡᠳ ᠴᠢᠩᠭ᠎ᠠ ᠬᠠᠤᠯᠢ ᠪᠠᠷ ᠵᠠᠰᠠᠬᠤ ᠤᠬᠠᠮᠰᠠᠷ᠂ ᠬᠢᠨᠠᠯᠲᠠ ᠲᠠᠯᠪᠢᠬᠤ ᠤᠬᠠᠮᠰᠠᠷ ᠲᠠᠢ ᠪᠠᠶᠢᠵᠤ᠂ ᠠᠰᠠᠭᠤᠳᠠᠯ ᠢ ᠢᠯᠡᠷᠡᠭᠦᠯᠬᠦ᠂ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ︔᠎           ︵᠎  ᠭᠤᠷᠪᠠ︶᠎  ᠵᠠᠷᠴᠢᠮ ᠢ ᠪᠠᠷᠢᠮᠲᠠᠯᠠᠨ᠂ ᠦᠨᠡᠨ ᠠᠴᠠ ᠵᠥᠪ ᠢ ᠡᠷᠢᠵᠦ᠂ ᠲᠥᠪ ᠭᠤᠥᠯᠴᠢ᠂ ᠠᠷᠢᠭᠤᠨ ᠴᠢᠬᠡᠴᠢ ᠪᠠᠶᠢᠵᠤ᠂ ᠨᠡᠯᠢᠶᠡᠳ ᠴᠢᠩᠭ᠎ᠠ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠠᠯᠠᠭᠤᠨ ᠰᠡᠳᠬᠢᠯ ᠲᠠᠢ ᠪᠠᠶᠢᠵᠤ᠂ ᠨᠡᠶᠢᠭᠡᠮ ᠳᠡᠭᠡᠷ᠎ᠡ ᠵᠣᠬᠢᠬᠤ ᠨᠥᠯᠥᠭᠡᠯᠡᠬᠦ ᠬᠦᠴᠦᠨ ᠲᠠᠢ ᠪᠠᠶᠢᠬᠤ ᠬᠡᠷᠡᠭᠲᠡᠢ︔᠎           ︵ᠳᠥᠷᠪᠡ︶᠎  ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ᠂ ᠪᠦᠬᠦᠯᠢ ᠵᠢᠷᠠᠨ ᠲᠠᠪᠤᠨ ᠨᠠᠰᠤ ᠠᠴᠠ ᠬᠡᠲᠦᠷᠡᠬᠦ ᠦᠭᠡᠢ᠂ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠵᠠᠩ ᠰᠤᠷᠲᠠᠯ ᠨᠢ ᠰᠠᠶᠢᠨ᠂ ᠨᠡᠶᠢᠭᠡᠮ ᠤᠨ ᠬᠢᠨᠠᠯᠲᠠ ᠲᠠᠯᠪᠢᠬᠤ ᠠᠵᠢᠯ ᠢ ᠭᠦᠢᠴᠡᠳᠬᠡᠬᠦ ᠠᠵᠢᠯ ᠤᠨ ᠴᠠᠭ ᠢ ᠪᠠᠲᠤᠯᠠᠵᠤ ᠴᠢᠳᠠᠬᠤ︔᠎           ︵ᠲᠠᠪᠤ︶᠎  ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃         ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠢᠶᠠᠯ ᠢ ᠡᠭᠦᠷᠭᠡᠯᠡᠵᠦ ᠪᠣᠯᠬᠤ ᠦᠭᠡᠢ᠄          (ᠨᠢᠭᠡ) ᠶᠠᠯᠠᠳᠦ ᠠᠵᠢᠯᠯᠠᠭ᠎ᠠ ᠦᠢᠯᠡᠳᠦᠭᠰᠡᠨ ᠠᠴᠠ ᠪᠣᠯᠵᠤ ᠡᠷᠡᠭᠦᠦ ᠵᠢᠨ‌‍ᠰᠢᠢᠳᠬᠡᠯ ᠣᠯᠵᠤ ᠥᠩᠭᠡᠷᠡᠭᠰᠡᠨ ᠪᠤᠶᠤ ᠶᠠᠭ ᠡᠷᠡᠭᠦᠦ ᠶᠢᠨ ᠬᠡᠷᠡᠭ ᠢᠶᠠᠷ ᠨᠡᠬᠡᠮᠵᠢᠯᠡᠭᠳᠡᠵᠦ ᠪᠠᠶᠢᠬᠤ︔᠎           ︵ᠬᠤᠶᠠᠷ︶᠎  ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠴᠠ ᠪᠣᠯᠵᠤ ᠠᠵᠢᠯ ᠠᠴᠠ ᠪᠠᠨ ᠵᠣᠭᠰᠣᠭᠠᠭᠳᠠᠭᠰᠠᠨ ᠪᠤᠶᠤ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ︔᠎           ︵ᠭᠤᠷᠪᠠ︶᠎  ᠠᠷᠠᠳ ᠤᠨ ᠰᠢᠭᠦᠬᠦ ᠬᠤᠷᠢᠶᠠᠨ ᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠲᠡᠮᠳᠡᠭᠯᠡᠯ ᠪᠤᠶᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠡᠭᠡᠯᠢ ᠲᠦᠯᠬᠢᠵᠦ ᠬᠠᠭ᠋ᠤᠤᠯᠢ ᠢᠳᠡᠭᠰᠡᠨ‌‍ᠰᠢᠢᠳᠬᠡᠯ ᠤᠨ ᠲᠠᠩᠰᠠ ᠡᠪᠬᠡᠮᠡᠯ ᠤᠨ ᠲᠡᠮᠳᠡᠭᠯᠡᠯ ᠲᠠᠢ ᠪᠠᠶᠢᠬᠤ︔᠎           ︵᠎  ᠳᠥᠷᠪᠡ︶᠎  ᠠᠶᠦᠯᠭᠦᠢ ᠦᠢᠯᠡᠳᠪᠦᠷᠢᠯᠡᠯ  ᠤᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠪᠤᠶᠤ ︽ᠬᠠᠷ᠎ᠠ ᠲᠠᠩᠰᠠ︾᠎ ᠎ ᠶᠢᠨ ᠬᠠᠮᠢᠶᠠᠷᠤᠯᠲᠠ ᠶᠢᠨ ᠲᠡᠮᠳᠡᠭᠯᠡᠯ ᠲᠠᠢ ᠪᠠᠶᠢᠬᠤ︔᠎       ︵ᠲᠠᠪᠤ︶᠎  ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠵᠤ᠂ ᠮᠠᠭᠤ ᠨᠥᠯᠥᠭᠡ ᠭᠠᠷᠭᠠᠭᠰᠠᠨ᠃         ᠳᠣᠯᠣᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠶᠢ ᠲᠠᠨᠢᠯᠴᠠᠭᠤᠯᠬᠤ ᠪᠤᠶᠤ ᠤᠷᠢᠬᠤ ᠠᠷᠭ᠎ᠠ ᠮᠠᠶ᠋ᠢᠭ ᠢᠶᠠᠷ ᠤᠷᠢᠨ ᠲᠣᠮᠢᠯᠠᠬᠤ ᠳᠤ᠂ ᠤᠷᠢᠨ ᠲᠣᠮᠢᠯᠠᠬᠤ ᠠᠵᠢᠯ ᠢ ᠳᠣᠣᠷᠠᠬᠢ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠄           ︵᠎  ᠨᠢᠭᠡ︶᠎  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠣᠳᠠᠲᠠᠢ ᠪᠠᠨ ᠦᠨᠳᠦᠰᠦᠯᠡᠨ᠂ ᠨᠡᠶᠢᠭᠡᠮ ᠳᠤ ᠠᠯᠪᠠᠨ ᠵᠠᠷ ᠨᠡᠶᠢᠲᠡᠯᠡᠵᠦ᠂ ᠤᠷᠢᠨ ᠲᠣᠮᠢᠯᠠᠬᠤ ᠪᠠᠷ ᠪᠠᠶᠢᠭ᠎ᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠭ᠎ᠠ ᠬᠡᠮᠵᠢᠶ᠎ᠡ᠂ ᠠᠷᠭ᠎ᠠ ᠮᠠᠶ᠋ᠢᠭ ᠵᠢᠴᠢ ᠤᠷᠢᠨ ᠲᠣᠮᠢᠯᠠᠬᠤ ᠴᠤᠪᠤᠷᠠᠯ ᠢ ᠵᠦᠢ ᠵᠣᠬᠢᠰᠲᠠᠢ ᠲᠣᠭᠲᠠᠭᠠᠨ᠎ᠠ᠃          ︵᠎  ᠬᠤᠶᠠᠷ︶᠎  ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠨ ᠲᠣᠮᠢᠯᠠᠭᠰᠠᠨ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ᠂ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠨᠢᠭᠡᠴᠡ ᠵᠡᠷᠭᠡ ᠲᠠᠢ ᠵᠥᠪᠳᠡᠯᠴᠡᠵᠦ ᠪᠠᠶᠢᠭᠠᠳ ᠲᠠᠨᠢᠯᠴᠠᠭᠤᠯᠬᠤ ᠬᠥᠮᠥᠰ ᠤᠨ ᠨᠡᠷᠡᠰ ᠢ ᠳᠤᠷᠠᠳᠬᠤ ᠶᠢᠨ ᠬᠠᠮᠲᠤ ᠲᠣᠰ ᠬᠥᠮᠥᠨ ᠵᠢᠴᠢ ᠪᠠᠶᠢᠭ᠎ᠠ ᠨᠢᠭᠡᠴᠡ ᠶᠢᠨ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠲᠣᠮᠢᠯᠠᠬᠤ ᠪᠠᠷ ᠪᠠᠶᠢᠭ᠎ᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠵᠢᠱᠢᠭᠳᠡᠭᠴᠢ ᠶᠢ ᠲᠣᠭᠲᠠᠭᠠᠨ᠎ᠠ︔᠎                ᠤᠷᠢᠬᠤ ᠬᠡᠯᠪᠡᠷᠢ ᠪᠠᠷ ᠳᠠᠮᠵᠢᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ ᠪᠤᠶᠤ ᠪᠤᠰᠤᠳ ᠬᠥᠮᠥᠰ ᠢ ᠨᠡᠶᠢᠭᠡᠮ ᠤᠨ ᠬᠢᠨᠠᠯᠲᠠ ᠲᠠᠯᠪᠢᠭᠴᠢ ᠪᠠᠷ ᠤᠷᠢᠨ ᠲᠣᠮᠢᠯᠠᠭᠰᠠᠨ ᠪᠠᠶᠢᠪᠠᠯ᠂ ᠠᠳᠠᠯᠢ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠥᠮᠥᠰ ᠲᠤ ᠤᠷᠢᠯᠭ᠎ᠠ ᠶᠠᠪᠤᠭᠤᠯᠵᠤ᠂ ᠲᠤᠰ ᠬᠥᠮᠥᠨ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠵᠥᠪᠰᠢᠶᠡᠷᠡᠯ ᠢ ᠣᠯᠣᠭᠰᠠᠨ ᠤ ᠲᠠᠷᠠᠭ᠎ᠠ᠂ ᠲᠣᠮᠢᠯᠠᠬᠤ ᠪᠠᠷ ᠪᠠᠶᠢᠭ᠎ᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠵᠢᠱᠢᠭᠳᠡᠭᠴᠢ ᠶᠢ ᠲᠣᠭᠲᠠᠭᠠᠨ᠎ᠠ᠃          ︵᠎  ᠭᠤᠷᠪᠠ︶᠎  ᠨᠡᠶᠢᠭᠡᠮ ᠤᠨ ᠬᠢᠨᠠᠯᠲᠠ ᠲᠠᠯᠪᠢᠭᠴᠢ ᠪᠠᠷ ᠲᠣᠭᠲᠠᠭᠠᠭᠳᠠᠬᠤ ᠪᠠᠷ ᠪᠠᠶᠢᠭ᠎ᠠ ᠵᠢᠱᠢᠭᠳᠡᠭᠴᠢ ᠶᠢ ᠨᠡᠶᠢᠭᠡᠮ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 10 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠣᠨᠳᠣᠣ ᠰᠠᠨᠠᠯ ᠲᠠᠢ ᠪᠠᠶᠢᠪᠠᠯ᠂ ᠬᠢᠨᠠᠨ ᠬᠠᠷᠭᠤᠭᠤᠯᠬᠤ ᠬᠡᠷᠡᠭᠲᠡᠢ᠃          ︵᠎  ᠳᠥᠷᠪᠡ︶᠎  ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠤᠶᠤ ᠬᠢᠨᠠᠨ ᠬᠠᠷᠭᠤᠭᠤᠯᠤᠭᠠᠳ ᠣᠨᠳᠣᠣ ᠰᠠᠨᠠᠯ ᠨᠢ ᠲᠣᠭᠲᠠᠵᠤ ᠳᠡᠶᠢᠯᠬᠦ ᠦᠭᠡᠢ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ ᠲᠣᠭᠲᠠᠭᠠᠯ ᠭᠠᠷᠭᠠᠵᠤ᠂ ᠦᠨᠡᠮᠯᠡᠯ ᠣᠯᠭᠤᠵᠤ᠂ ᠠᠵᠢᠯᠲᠠᠨ ᠤ ᠦᠨᠡᠮᠯᠡᠯ ᠣᠯᠭᠤᠬᠤ ᠶᠢᠨ ᠬᠠᠮᠲᠤ ᠤᠷᠢᠨ ᠲᠣᠮᠢᠯᠠᠬᠤ ᠨᠡᠷᠡᠰ ᠢ ᠨᠡᠶᠢᠭᠡᠮ ᠳᠤ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃         ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠭᠰᠠᠨ ᠠᠵᠢᠯ ᠤᠨ ᠦᠨᠡᠮᠯᠡᠯ ᠤᠨ ᠵᠠᠭᠪᠤᠷ ᠢ ᠦᠨᠳᠦᠰᠦᠯᠡᠨ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠦᠨᠡᠮᠯᠡᠯ ᠢ ᠦᠢᠯᠡᠳᠦᠨ ᠣᠯᠭᠤᠬᠤ ᠶᠢᠨ ᠬᠠᠮᠲᠤ ᠨᠢᠭᠡᠳᠦᠯᠲᠡᠢ ᠬᠠᠮᠢᠶᠠᠷᠬᠤ ᠬᠡᠷᠡᠭᠲᠡᠢ᠃         ᠨᠡᠶᠢᠭᠡᠮ ᠤᠨ ᠬᠢᠨᠠᠯᠲᠠ ᠲᠠᠯᠪᠢᠭᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠲᠣᠬᠢᠷᠠᠭᠤᠯᠤᠨ ᠣᠯᠭᠤᠭᠰᠠᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠦᠨᠡᠮᠯᠡᠯ ᠢᠶᠠᠨ ᠠᠪᠴᠤ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠵᠤ᠂ ᠦᠨᠡᠮᠯᠡᠯ ᠢᠶᠠᠨ ᠦᠵᠡᠭᠦᠯᠬᠦ ᠬᠡᠷᠡᠭᠲᠡᠢ᠃         ᠶᠢᠰᠦᠳᠦᠭᠡᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠭᠤᠣᠯᠳᠠᠭᠤ ᠳᠠᠷᠠᠭᠠᠬᠢ ᠵᠢᠭᠰᠠᠭᠠᠭᠰᠠᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄           ︵᠎  ᠨᠢᠭᠡ︶᠎  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠨᠡᠶᠢᠭᠡᠮ ᠨᠡᠶᠢᠲᠡ ᠶᠢᠨ ᠰᠢᠭᠦᠮᠵᠢᠯᠡᠯ᠂ ᠰᠠᠨᠠᠯ᠂ ᠰᠠᠨᠠᠭᠤᠯᠭ᠎ᠠ ᠶᠢ ᠲᠤᠰᠬᠠᠨ᠎ᠠ︔᠎           ︵ᠬᠤᠶᠠᠷ︶᠎  ᠬᠤᠯᠪᠣᠭᠳᠠᠯ ᠪᠦᠬᠦᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠ ᠡ᠊ᠨᠳᠡᠯ ᠤᠨ ᠲᠠᠯᠳᠠ ᠭᠡᠮ ᠤᠨ ᠠᠰᠠᠭᠤᠳᠠᠯ ᠤᠨ ᠰᠦᠪᠡᠭᠴᠢ ᠶᠢ ᠬᠠᠩᠭᠠᠬᠤ︔᠎           ︵᠎  ᠭᠤᠷᠪᠠ︶᠎  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠰᠠᠨᠠᠯ ᠰᠠᠨᠠᠭᠤᠯᠭ᠎ᠠ ᠳᠤᠷᠠᠳᠤᠨ᠎ᠠ︔᠎           ︵᠎  ᠳᠥᠷᠪᠡ︶᠎  ᠰᠢᠶᠠᠨ ᠤ ᠱᠠᠲᠤᠨ ᠠᠴᠠ ᠳᠡᠭᠡᠭᠰᠢᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠦᠨᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯᠯᠠᠭ᠎ᠠ ᠳᠤ ᠣᠷᠣᠯᠴᠠᠵᠤ ᠪᠣᠯᠣᠨ᠎ᠠ︔᠎           ︵ᠲᠠᠪᠤ︶᠎  ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠤᠰᠤᠳ ᠬᠤᠯᠪᠣᠭᠳᠠᠯ ᠪᠦᠬᠦᠢ ᠵᠦᠢᠯᠡᠰ᠃         ᠠᠷᠪᠠᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠲᠤ ᠬᠢᠨᠠᠯᠲᠠ ᠲᠠᠯᠪᠢᠬᠤ ᠳᠠᠭᠠᠨ᠂ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠥᠯᠴᠢ ᠪᠠᠶᠢᠬᠤ ᠠᠵᠢᠯ ᠤᠨ ᠵᠠᠷᠴᠢᠮ ᠢ ᠪᠠᠷᠢᠮᠲᠠᠯᠠᠵᠤ᠂ ᠬᠢᠨᠠᠯᠲᠠ ᠲᠠᠯᠪᠢᠭᠳᠠᠵᠤ ᠪᠠᠶᠢᠭ᠎ᠠ ᠡᠲᠡᠭᠡᠳ ᠤᠨ ᠬᠡᠪ ᠤᠨ ᠠᠵᠢᠯ ᠵᠢᠴᠢ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠨ ᠨᠥᠯᠥᠭᠡᠯᠡᠵᠦ ᠪᠣᠯᠬᠤ ᠦᠭᠡᠢ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠵᠤ ᠪᠣᠯᠬᠤ ᠦᠭᠡᠢ᠂ ᠬᠤᠳᠠᠯ ᠬᠠᠭᠤᠷᠮᠠᠭ ᠮᠡᠳᠡᠭᠦᠯᠦᠯᠲᠡ ᠪᠢᠴᠢᠵᠦ ᠪᠣᠯᠬᠤ ᠦᠭᠡᠢ᠂ ᠬᠤᠯᠪᠣᠭᠳᠠᠯ ᠪᠦᠬᠦᠢ ᠬᠥᠮᠥᠰ ᠲᠤ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ᠃         ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠲᠠᠢ ᠣᠶᠢᠷ᠎ᠠ ᠲᠦᠷᠦᠯ ᠰᠠᠳᠤᠨ ᠤ ᠬᠠᠷᠢᠴᠠᠭ᠎ᠠ ᠲᠠᠢ ᠪᠤᠶᠤ ᠬᠢᠨᠠᠯᠲᠠ ᠲᠠᠯᠪᠢᠬᠤ ᠬᠡᠷᠡᠭ ᠲᠠᠢ ᠠᠰᠢᠭ ᠬᠤᠣᠷ ᠤᠨ ᠬᠠᠷᠢᠴᠠᠭ᠎ᠠ ᠲᠠᠢ ᠨᠡᠶᠢᠭᠡᠮ ᠤᠨ ᠬᠢᠨᠠᠯᠲᠠ ᠲᠠᠯᠪᠢᠭᠴᠢ ᠵᠠᠶᠢᠯᠠᠬᠤ ᠬᠡᠷᠡᠭᠲᠡᠢ᠃         ᠠᠷᠪᠠᠨ ᠨᠢᠭᠡᠳᠦᠭᠡᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠠᠵᠢᠯ ᠤᠨ ᠨᠢᠭᠤᠴᠠ ᠪᠠᠨ ᠬᠠᠮᠠᠭᠠᠯᠠᠵᠤ᠂ ᠬᠢᠨᠠᠯᠲᠠ ᠲᠠᠯᠪᠢᠬᠤ ᠠᠵᠢᠯ ᠤᠨ ᠳᠤᠮᠳᠠ ᠬᠤᠯᠪᠣᠭᠳᠠᠭᠰᠠᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠂ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠭᠰᠠᠨ ᠶᠠᠪᠤᠴᠠ ᠶᠢᠨ ᠴᠢᠨᠠᠷᠲᠠᠢ ᠮᠡᠳᠡᠭᠡ ᠵᠠᠩᠭᠢ ᠪᠠ ᠲᠣᠭᠲᠠᠭᠠᠭᠰᠠᠨ ᠦᠭᠡᠢ ᠲᠦᠷᠦ ᠶᠢᠨ ᠪᠣᠳᠣᠯᠭ᠎ᠠ᠂ ᠬᠡᠷᠡᠭ ᠤᠨ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠢ᠂ ᠬᠢᠨᠠᠯᠲᠠ ᠲᠠᠯᠪᠢᠭᠴᠢ ᠶᠢᠨ ᠪᠡᠶ᠎ᠡ ᠬᠡᠮ ᠪᠤᠶᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠰᠢᠯᠲᠠᠭ ᠪᠣᠯᠭᠠᠵᠤ ᠨᠡᠶᠢᠭᠡᠮ ᠤᠨ ᠬᠢᠨᠠᠯᠲᠠ ᠲᠠᠯᠪᠢᠭᠴᠢ ᠲᠠᠢ ᠬᠤᠯᠪᠣᠭᠳᠠᠯ ᠦᠭᠡᠢ ᠠᠵᠢᠯᠯᠠᠭ᠎ᠠ ᠬᠢᠵᠦ ᠪᠣᠯᠬᠤ ᠦᠭᠡᠢ᠃         ᠠᠷᠪᠠᠨ ᠬᠤᠶᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠬᠠᠭᠰᠠᠨ ᠰᠢᠭᠦᠮᠵᠢᠯᠡᠯ᠂ ᠰᠠᠨᠠᠯ᠂ ᠰᠠᠨᠠᠭᠤᠯᠭ᠎ᠠ ᠪᠠ ᠬᠠᠩᠭᠠᠭᠰᠠᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠬᠠᠷᠢᠭᠤ ᠲᠤᠰᠬᠠᠬᠤ ᠬᠡᠷᠡᠭᠲᠡᠢ᠃ ᠬᠠᠷᠢᠭᠤ ᠲᠤᠰᠬᠠᠬᠤ ᠠᠵᠢᠯ ᠢ ᠳᠣᠣᠷᠠᠬᠢ ᠶᠠᠪᠤᠴᠠ ᠪᠠᠷ ᠶᠠᠪᠤᠭᠳᠠᠭᠤᠯᠤᠨ᠎ᠠ᠄           ︵᠎  ᠨᠢᠭᠡ︶᠎  ᠨᠡᠶᠢᠭᠡᠮ ᠤᠨ ᠬᠢᠨᠠᠯᠲᠠ ᠲᠠᠯᠪᠢᠭᠴᠢ ᠠᠴᠠ ᠣᠯᠵᠤ ᠮᠡᠳᠡᠭᠰᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠪᠣᠶᠢᠮ᠎ᠠ ᠠᠰᠠᠭᠤᠳᠠᠯ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠰᠠᠨᠠᠯ ᠰᠠᠨᠠᠭᠤᠯᠭ᠎ᠠ ᠳᠤᠷᠠᠳᠤᠨ᠎ᠠ︔᠎           ︵᠎  ᠬᠤᠶᠠᠷ︶᠎  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰᠬᠠᠢ ᠬᠥᠮᠥᠨ ᠢᠶᠠᠷ ᠨᠡᠶᠢᠭᠡᠮ ᠤᠨ ᠬᠢᠨᠠᠯᠲᠠ ᠲᠠᠯᠪᠢᠭᠴᠢ ᠶᠢᠨ ᠰᠠᠨᠠᠯ ᠰᠠᠨᠠᠭᠤᠯᠭ᠎ᠠ ᠶᠢ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠬᠦ ᠶᠢ ᠲᠣᠳᠣᠷᠬᠠᠶᠢᠯᠠᠵᠤ᠂ ᠭᠤᠣᠯ ᠬᠠᠷᠢᠭᠤᠴᠠᠯᠭᠠᠲᠠᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠤᠯᠪᠣᠭᠳᠠᠯ ᠪᠦᠬᠦᠢ ᠳᠣᠲᠣᠭᠠᠳᠤ ᠪᠠᠶᠢᠭᠤᠯᠤᠮᠵᠢ ᠳᠤ ᠲᠤᠰᠢᠶᠠᠨ ᠥᠭᠴᠦ ᠰᠢᠢᠳᠪᠦᠷᠢᠯᠡᠭᠦᠯᠵᠦ᠂ ᠰᠢᠢᠳᠪᠦᠷᠢᠯᠡᠬᠦ ᠴᠠᠭ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠢ︔᠎           ︵᠎  ᠭᠤᠷᠪᠠ︶᠎  ᠬᠤᠯᠪᠣᠭᠳᠠᠯ ᠪᠦᠬᠦᠢ ᠳᠣᠲᠣᠭᠠᠳᠤ ᠪᠠᠶᠢᠭᠤᠯᠤᠮᠵᠢ ᠨᠡᠶᠢᠭᠡᠮ ᠤᠨ ᠬᠢᠨᠠᠯᠲᠠ ᠲᠠᠯᠪᠢᠭᠴᠢ ᠶᠢᠨ ᠰᠠᠨᠠᠭᠤᠯᠭ᠎ᠠ ᠶᠢᠨ ᠵᠦᠢᠯᠡᠰ ᠢ ᠭᠥᠯᠢᠶᠡᠨ ᠠᠪᠤᠭᠰᠠᠨ ᠤ ᠳᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ ᠨᠡᠶᠢᠭᠡᠮ ᠤᠨ ᠬᠢᠨᠠᠯᠲᠠ ᠲᠠᠯᠪᠢᠭᠴᠢ ᠲᠠᠢ ᠨᠡᠪᠲᠡᠷᠡᠯᠴᠡᠬᠦ ᠶᠢᠨ ᠬᠠᠮᠲᠤ ᠰᠠᠨᠠᠭᠤᠯᠭ᠎ᠠ ᠶᠢᠨ ᠵᠦᠢᠯᠡᠰ ᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠡᠷ᠎ᠡ ᠪᠠᠷ ᠰᠠᠨᠠᠯ ᠰᠠᠨᠠᠭᠤᠯᠭ᠎ᠠ ᠳᠤᠷᠠᠳᠤᠭᠰᠠᠨ ᠨᠡᠶᠢᠭᠡᠮ ᠤᠨ ᠬᠢᠨᠠᠯᠲᠠ ᠲᠠᠯᠪᠢᠭᠴᠢ ᠳᠤ ᠬᠠᠷᠢᠭᠤ ᠲᠤᠰᠬᠠᠬᠤ ᠬᠡᠷᠡᠭᠲᠡᠢ᠃         ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠢᠶᠠᠨ ᠥᠷᠨᠢᠭᠦᠯᠬᠦ ᠶᠢ ᠳᠡᠮᠵᠢᠨ ᠬᠠᠮᠵᠢᠯᠴᠠᠵᠤ᠂ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠡᠳᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠨᠢ ᠲᠥᠬᠦᠮ ᠦᠵᠡᠭᠦᠯᠬᠦ ᠬᠡᠷᠡᠭᠲᠡᠢ᠃         ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠰᠠᠨᠠᠯ ᠰᠠᠨᠠᠭᠤᠯᠭ᠎ᠠ ᠳᠤᠷᠠᠳᠤᠭᠰᠠᠨ ᠨᠡᠶᠢᠭᠡᠮ ᠤᠨ ᠬᠢᠨᠠᠯᠲᠠ ᠲᠠᠯᠪᠢᠭᠴᠢ ᠳᠤ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ᠃         ᠠᠷᠪᠠᠨ ᠳᠥᠷᠪᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠡᠶᠢᠭᠡᠮ ᠤᠨ ᠬᠢᠨᠠᠯᠲᠠ ᠲᠠᠯᠪᠢᠭᠴᠢ ᠳᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ᠂ ᠮᠡᠷᠭᠡᠵᠢᠯ ᠤᠨ ᠲᠤᠨᠤᠭ ᠲᠥᠬᠦᠭᠡᠷᠦᠮᠵᠢ ᠲᠣᠬᠢᠷᠠᠭᠤᠯᠵᠤ᠂ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠵᠡᠷᠭᠡ ᠬᠤᠯᠪᠣᠭᠳᠠᠯ ᠪᠦᠬᠦᠢ ᠳᠠᠭᠠᠳᠬᠠᠯ ᠢ ᠬᠤᠳᠠᠯᠳᠤᠨ ᠠᠪᠤᠨ᠎ᠠ᠃         ᠠᠷᠪᠠᠨ ᠲᠠᠪᠤᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠠᠪᠠᠯ ᠬᠡᠷᠡᠭᠰᠡᠬᠦ ᠵᠠᠷᠤᠳᠠᠯ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃         ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠪᠣᠯ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠷᠢᠶᠠᠯᠠᠭᠳᠠᠬᠤ ᠪᠣᠯᠬᠤᠷ ᠵᠠᠷᠴᠢᠮ ᠳᠡᠭᠡᠷ᠎ᠡ ᠪᠠᠨ ᠬᠥᠯᠥᠰᠦ ᠣᠯᠭᠤᠮᠵᠢ ᠣᠯᠭᠤᠬᠤ ᠦᠭᠡᠢ᠃         ᠠᠷᠪᠠᠨ ᠵᠢᠷᠭᠤᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠶᠢ ᠬᠤᠭᠤᠴᠠᠭ᠎ᠠ ᠪᠦᠷᠢ ᠶᠢᠨ ᠤᠷᠢᠨ ᠲᠣᠮᠢᠯᠠᠬᠤ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠂ ᠦᠷᠭᠦᠯᠵᠢᠯᠡᠨ ᠤᠷᠢᠨ ᠲᠣᠮᠢᠯᠠᠵᠤ ᠪᠣᠯᠣᠨ᠎ᠠ︔᠎  ᠤᠷᠢᠬᠤ ᠲᠤᠰᠢᠶᠠᠯ ᠤᠨ ᠬᠤᠭᠤᠴᠠᠭ᠎ᠠ ᠨᠢ ᠳᠠᠭᠤᠰᠤᠭᠠᠳ ᠦᠷᠭᠦᠯᠵᠢᠯᠡᠨ ᠤᠷᠢᠭᠰᠠᠨ ᠤᠶᠢᠭᠡᠢ ᠪᠣᠯ ᠠᠶᠠᠨᠳᠠᠭᠠᠨ ᠤᠷᠢᠬᠤ ᠪᠠᠨ ᠵᠣᠭᠰᠣᠨ᠎ᠠ᠃         ᠠᠵᠢᠯ ᠤᠨ ᠬᠡᠷᠡᠭᠴᠡᠭᠡ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠨᠢ ᠨᠡᠶᠢᠭᠡᠮ ᠤᠨ ᠬᠢᠨᠠᠯᠲᠠ ᠲᠠᠯᠪᠢᠭᠴᠢ ᠳᠤ ᠴᠠᠭ ᠲᠤᠬᠠᠢ ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠵᠦ ᠪᠣᠯᠣᠨ᠎ᠠ᠃         ᠠᠷᠪᠠᠨ ᠳᠣᠯᠣᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠬᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠵᠤ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠪᠣᠯᠪᠠᠰᠤᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠨᠠᠪᠲᠠᠷᠡᠭᠦᠯᠵᠦ᠂ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠤᠨ ᠬᠢᠨᠠᠯᠲᠠ ᠲᠠᠯᠪᠢᠵᠤ᠂ ᠠᠵᠢᠯ ᠤᠨ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃         ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠢᠯ ᠪᠦᠷᠢ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ᠎ᠡ᠃         ᠠᠷᠪᠠᠨ ᠨᠠᠢᠮᠠᠳᠤᠭᠠᠷ ᠵᠦᠢᠯ ᠨᠡᠶᠢᠭᠡᠮ  ᠤᠨ ᠬᠢᠨᠠᠯᠲᠠ ᠲᠠᠯᠪᠢᠭᠴᠢ ᠤᠷᠢᠬᠤ ᠬᠤᠭᠤᠴᠠᠭᠠᠨ  ᠳᠤ ᠳᠣᠣᠷᠠᠬᠢ ᠪᠠᠶᠢᠳᠠᠯ  ᠤᠨ ᠨᠢᠭᠡ ᠨᠢ ᠪᠠᠶᠢᠪᠠᠯ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠤᠷᠢᠬᠤ ᠪᠠᠨ ᠵᠣᠭᠰᠣᠭᠠᠨ᠎ᠠ᠄           ︵ᠨᠢᠭᠡ︶᠎  ᠰᠠᠬᠢᠯᠭ᠎ᠠ ᠪᠠᠲᠤ ᠶᠢ ᠵᠥᠷᠢᠴᠡᠭᠰᠡᠨ ᠠᠴᠠ ᠪᠣᠯᠵᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ‍ᠤᠨ‌‍ᠰᠢᠢᠳᠬᠡᠯ ᠣᠯᠣᠭᠰᠠᠨ᠂ ᠡᠰᠡᠬᠦᠯ᠎ᠡ ᠵᠠᠰᠠᠭ ᠵᠠᠬᠢᠷᠭᠠᠨ ‍ᠤ‌‍ᠰᠢᠢᠳᠬᠡᠯ ᠣᠯᠣᠭᠰᠠᠨ ᠪᠥᠭᠡᠳ ᠪᠠᠶᠢᠳᠠᠯ ᠨᠢ ᠨᠡᠯᠢᠶᠡᠳ ᠬᠦᠨᠳᠦ ᠨᠣᠴᠢᠲᠠᠢ᠂ ᠡᠰᠡᠬᠦᠯ᠎ᠡ ᠶᠠᠯᠠᠳᠦ ᠠᠵᠢᠯᠯᠠᠭ᠎ᠠ ᠦᠢᠯᠡᠳᠦᠭᠰᠡᠨ ᠠᠴᠠ ᠪᠣᠯᠵᠤ ᠡᠷᠡᠭᠦᠦ ᠶᠢᠨ ᠬᠡᠷᠡᠭ ᠢᠶᠠᠷ ᠨᠡᠬᠡᠮᠵᠢᠯᠡᠭᠳᠡᠭᠰᠡᠨ︔᠎           ︵᠎  ᠬᠤᠶᠠᠷ︶᠎  ᠵᠦᠢ ᠶᠣᠰᠣᠨ ᠤ ᠰᠢᠯᠲᠠᠭᠠᠨ ᠦᠭᠡᠢ ᠪᠠᠷ ᠵᠠᠯᠭᠠᠭ᠎ᠠ ᠪᠠᠷ ᠨᠢᠭᠡ ᠵᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠭᠰᠠᠨ ᠦᠭᠡᠢ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠭᠰᠡᠨ ᠦᠭᠡᠢ︔᠎           ︵᠎  ᠭᠤᠷᠪᠠ︶᠎  ᠲᠣᠭᠲᠠᠭᠠᠯ ᠢ ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠤ ᠣᠷᠣᠯᠴᠠᠬᠤ ᠶᠠᠪᠤᠴᠠ ᠳᠤ ᠠᠵᠤ ᠠᠬᠤᠶᠢᠯᠠᠯ ᠢ ᠭᠠᠴᠢᠬᠤ᠂ ᠢᠳᠡᠬᠦ ᠠᠪᠬᠤ ᠭᠠᠴᠢᠬᠤ ᠶᠠᠪᠤᠳᠠᠯ ᠣᠷᠣᠰᠢᠵᠤ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠦᠢᠯᠡᠳᠦᠯ ᠢ ᠪᠤᠰᠤᠳᠴᠢ ᠪᠠᠷ᠂ ᠡᠷᠬᠡ ᠲᠡᠭᠰᠢ᠂ ᠲᠥᠪ ᠭᠤᠥᠯᠴᠢ ᠪᠠᠷ ᠪᠠᠳᠠᠷᠠᠭᠤᠯᠵᠤ ᠳᠡᠶᠢᠯᠬᠦ ᠦᠭᠡᠢ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠷᠬᠡ ᠪᠠᠨ ᠠᠰᠢᠭᠯᠠᠨ ᠬᠤᠪᠢ ᠶᠢᠨ ᠠᠰᠢᠭ ᠣᠯᠣᠭᠰᠠᠨ︔᠎           ︵᠎  ᠳᠥᠷᠪᠡ︶᠎  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠦᠨᠡᠮᠯᠡᠯ ᠢ ᠰᠢᠯᠵᠢᠭᠦᠯᠦᠨ ᠵᠢᠭᠡᠯᠡᠭᠦᠯᠦᠭᠰᠡᠨ ᠪᠤᠶᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠦᠨᠡᠮᠯᠡᠯ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠤᠰᠤ ᠬᠢᠨᠠᠯᠲᠠ ᠲᠠᠯᠪᠢᠬᠤ ᠠᠵᠢᠯᠯᠠᠭ᠎ᠠ ᠳᠤ ᠬᠡᠷᠡᠭᠯᠡᠭᠰᠡᠨ︔᠎           ︵ᠲᠠᠪᠤ︶᠎  ᠠᠵᠢᠯ ᠤᠨ ᠲᠣᠬᠢᠷᠠᠭᠤᠯᠤᠯᠲᠠ᠂ ᠡᠷᠡᠭᠦᠯ ᠮᠡᠨᠳᠤ ᠶᠢᠨ ᠪᠠᠶᠢᠳᠠᠯ ᠵᠡᠷᠭᠡ ᠰᠢᠯᠲᠠᠭᠠᠨ ᠠᠴᠠ ᠪᠣᠯᠵᠤ ᠦᠷᠭᠦᠯᠵᠢᠯᠡᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ ᠪᠣᠯᠤᠭᠰᠠᠨ ︔᠎           ︵ᠵᠢᠷᠭᠤᠭ᠎ᠠ︶᠎  ᠨᠡᠶᠢᠭᠡᠮ ᠤᠨ ᠬᠢᠨᠠᠯᠲᠠ ᠲᠠᠯᠪᠢᠭᠴᠢ ᠤᠷᠢᠨ ᠲᠣᠮᠢᠯᠠᠬᠤ ᠬᠤᠭᠤᠴᠠᠭᠠᠨ ᠳᠤ ᠲᠤᠰᠢᠶᠠᠯ ᠠᠴᠠ ᠪᠠᠨ ᠪᠠᠭᠤᠬᠤ ᠪᠠᠷ ᠪᠢᠴᠢᠭ ᠢᠶᠠᠷ ᠢᠯᠡᠷᠬᠡᠶᠢᠯᠡᠭᠰᠡᠨ︔᠎           ︵ᠲᠤᠯᠤᠭ᠎ᠠ︶᠎  ᠪᠤᠰᠤᠳ ᠰᠢᠯᠲᠠᠭᠠᠨ ᠠᠴᠠ ᠪᠣᠯᠵᠤ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠬᠦ ᠳᠤ ᠲᠣᠬᠢᠷᠠᠬᠤ ᠦᠭᠡᠢ ᠪᠠᠶᠢᠬᠤ᠃         ᠠᠷᠪᠠ ᠶᠢᠰᠦᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠷᠢᠬᠤ ᠪᠠᠨ ᠪᠣᠯᠢᠭᠰᠠᠨ ᠬᠥᠮᠥᠰ ᠵᠢᠴᠢ ᠤᠷᠢᠬᠤ ᠪᠠᠨ ᠪᠣᠯᠢᠭᠰᠠᠨ ᠰᠢᠯᠲᠠᠭᠠᠨ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠳᠤ ᠨᠡᠪᠲᠡᠷᠡᠭᠦᠯᠬᠦ ᠶᠢᠨ ᠬᠠᠮᠲᠤ᠂ ᠲᠣᠰ ᠰᠠᠯᠠᠭ᠎ᠠ ᠮᠥᠴᠢᠷ ᠤᠨ ᠢᠶᠠᠨ ᠠᠯᠪᠠᠨ ᠤ ᠰᠦᠯᠵᠢᠶᠡᠨ ᠥᠷᠲᠡᠭᠡ ᠳᠤ ᠢᠯᠡ ᠨᠡᠶᠢᠲᠡᠯᠡᠬᠦ ᠬᠡᠷᠡᠭᠲᠡᠢ᠃         ᠨᠡᠶᠢᠭᠡᠮ ᠤᠨ ᠬᠢᠨᠠᠯᠲᠠ ᠲᠠᠯᠪᠢᠭᠴᠢ ᠤᠷᠢᠭᠳᠠᠬᠤ ᠪᠠᠨ ᠪᠣᠯᠢᠭᠰᠠᠨ ᠪᠠᠶᠢᠪᠠᠯ᠂ ᠠᠵᠢᠯ ᠤᠨ ᠦᠨᠡᠮᠯᠡᠯ᠂ ᠰᠡᠷᠭᠡᠶᠢᠯᠡᠨ ᠬᠠᠮᠠᠭᠠᠯᠠᠬᠤ ᠲᠣᠨᠣᠭᠯᠠᠯ᠂ ᠮᠡᠷᠭᠡᠵᠢᠯ ᠤᠨ ᠲᠣᠨᠣᠭᠯᠠᠯ ᠵᠡᠷᠭᠡ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ᠃         ᠬᠤᠷᠢᠳᠤᠭᠠᠷ ᠵᠦᠢᠯ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠡᠶᠢᠭᠡᠮ ᠎ ᠤᠨ ᠬᠢᠨᠠᠯᠲᠠ ᠲᠠᠯᠪᠢᠭᠴᠢ  ᠳᠤ ᠶᠠᠪᠤᠭᠤᠯᠬᠤ ᠬᠠᠮᠢᠶᠠᠷᠤᠯᠲᠠ ᠪᠠᠨ ᠴᠢᠩᠭᠠᠳᠬᠠᠵᠤ᠂ ︽ᠨᠢᠭᠡ ᠬᠥᠮᠥᠨ  ᠳᠤ ᠨᠢᠭᠡ ᠲᠠᠩᠰᠠ ᠡᠪᠬᠡᠮᠡᠯ ᠣᠯᠭᠤᠬᠤ︾᠎  ᠵᠠᠷᠴᠢᠮ  ᠤᠨ ᠶᠣᠰᠣᠭᠠᠷ᠂ ᠲᠠᠩᠰᠠ ᠡᠪᠬᠡᠮᠡᠯ ᠪᠠᠶᠢᠭᠤᠯᠤᠨ᠂ ᠠᠵᠢᠯ  ᠤᠨ ᠪᠠᠶᠢᠳᠠᠯ ᠎ ᠢ ᠨᠢ ᠲᠡᠮᠳᠡᠭᠯᠡᠨ ᠬᠠᠳᠠᠭᠠᠯᠠᠬᠤ ᠬᠡᠷᠡᠭᠲᠡᠢ᠃         ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠠᠤᠯᠢ ᠲᠣᠭᠲᠠᠭᠠᠯ ᠎ ᠠᠴᠠ ᠵᠥᠷᠢᠴᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃         ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠂ ᠡᠰᠡᠬᠦᠯ᠎ᠡ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠠᠭ ᠲᠤᠬᠠᠢ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃         ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ  ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ  ᠤ ᠬᠠᠤᠯᠢ ᠴᠠᠭᠠᠵᠠ ᠶᠢᠨ ᠲᠢᠩᠬᠢᠮ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠵᠤ᠂ ᠬᠡᠪᠯᠡᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号