ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠎ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ ᠬᠢᠨᠠᠨ ᠰᠢᠯᠭᠠᠬᠤ ᠠᠷᠭ᠎ᠠ
ᠨᠡᠶᠢᠲᠡᠯᠡᠭᠰᠡᠨ ᠴᠠᠭ᠄
2025/5/7
                ᠨᠢᠭᠡᠳᠦᠭᠡᠷ ᠪᠦᠯᠦᠭ ᠶᠡᠷᠦᠩᠬᠡᠢ ᠳᠦᠷᠢᠮ         ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠰᠠᠭᠤᠷᠢ ᠪᠦᠲᠦᠭᠡᠨ ᠪᠠᠶᠢᠭᠤᠯᠤᠯᠲᠠ  ᠶᠢ ᠤᠯᠠᠮ ᠴᠢᠩᠭᠠᠳᠬᠠᠬᠤ ᠶᠢᠨ ︽ᠬᠠᠮᠢᠶᠠᠷᠤᠯᠲᠠ᠂ ᠲᠣᠨᠣᠭᠯᠠᠯ᠂ ᠬᠡᠪ ᠴᠢᠨᠠᠷ᠂ ᠰᠢᠰᠲ᠋ᠧᠮ︾᠎ ᠎ ᠤᠨ ᠳᠥᠷᠪᠡ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠡᠷᠴᠢᠮᠲᠡᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ  ᠶᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ︽ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠬᠢᠨᠠᠨ ᠰᠢᠯᠭᠠᠵᠤ ᠲᠡᠰ ᠲᠣᠭᠲᠠᠭᠠᠬᠤ ᠠᠷᠭ᠎ᠠ︾᠎  ︽ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯ ᠢ ᠤᠯᠠᠮ ᠵᠢᠷᠤᠮᠵᠢᠭᠤᠯᠬᠤ ᠲᠤᠬᠠᠢ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾᠎  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾᠎  ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠎  ᠵᠡᠷᠭᠡ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃         ᠬᠤᠶᠠᠳᠤᠭᠠᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ  ᠤ ᠳᠣᠲᠣᠷᠠᠬᠢ ᠪᠤᠢ ᠪᠦᠬᠦᠢ ᠬᠠᠤᠯᠢ ᠶᠣᠰᠣᠨ  ᠤ ᠦᠢᠯᠡᠳᠪᠦᠷᠢᠯᠡᠭᠰᠡᠨ ᠠᠭᠤᠷᠬᠠᠢ ᠳᠤ ᠬᠡᠷᠡᠭᠯᠡᠨ᠎ᠡ᠂ ᠠᠭᠤᠷᠬᠠᠢ ᠪᠦᠲᠦᠭᠡᠨ ᠪᠠᠶᠢᠭᠤᠯᠬᠤ  ᠳᠤ ᠲᠤᠰ ᠠᠷᠭ᠎ᠠ ᠪᠠᠷ ᠯᠠᠪᠯᠠᠯᠲᠠ ᠪᠣᠯᠭᠠᠵᠤ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢ ᠡᠭᠦᠳᠦᠨ ᠪᠠᠶᠢᠭᠤᠯᠤᠨ᠎ᠠ᠃         ᠭᠤᠷᠪᠠᠳᠤᠭᠠᠷ ᠵᠦᠢᠯ ᠡᠯ᠎ᠡ ᠱᠠᠲᠤᠨ  ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠠᠵᠢᠯ  ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ  ᠢ ᠵᠢᠯᠤᠭᠤᠳᠬᠤ᠂ ᠬᠢᠨᠠᠯᠲᠠ ᠲᠠᠯᠪᠢᠬᠤ᠂ ᠬᠢᠨᠠᠨ ᠰᠢᠯᠭᠠᠬᠤ ᠶᠢ ᠬᠠᠷᠢᠭᠤᠴᠠᠨ᠎ᠠ᠃         ᠬᠤᠶᠠᠳᠤᠭᠠᠷ ᠪᠦᠯᠦᠭ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠬᠢᠭᠡᠳ ᠦᠷ᠎ᠡ ᠪᠦᠲᠦᠮᠵᠢ ᠶᠢ ᠦᠨᠡᠯᠡᠨ ᠵᠢᠱᠢᠬᠦ         ᠳᠥᠷᠪᠡᠳᠦᠭᠡᠷ ᠵᠦᠢᠯ ᠠᠭᠤᠷᠬᠠᠢ ᠶᠢᠨ ᠠᠵᠤ ᠠᠬᠤᠶᠢᠯᠠᠯ ᠪᠣᠯ ᠠᠶᠦᠯᠭᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠡᠷᠬᠡᠪᠰᠢ ᠴᠢᠩᠭᠠᠳᠬᠠᠵᠤ᠂ ᠠᠶᠦᠯᠭᠦᠢ ᠶᠢᠨ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ᠂ ᠲᠠᠯᠳᠠ ᠭᠡᠮ  ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠲᠣᠭᠲᠠᠴᠠ ᠪᠠᠷ ᠭᠤᠣᠯ ᠪᠣᠯᠭᠠᠭᠰᠠᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠭᠤᠣᠯᠳᠠᠯᠭ᠎ᠠ ᠶᠢ ᠲᠣᠭᠲᠠᠭᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔᠎  ᠡᠯ᠎ᠡ ᠦᠢᠯᠡᠳᠪᠦᠷᠢᠯᠡᠯ  ᠤᠨ ᠰᠢᠰᠲ᠋ᠧᠮ ᠪᠣᠯᠣᠨ ᠠᠵᠢᠯᠯᠠᠬᠤ ᠠᠵᠢᠯ  ᠤᠨ ᠪᠠᠶᠢᠷᠢ  ᠶᠢ ᠬᠠᠮᠤᠷᠤᠭᠰᠠᠨ ᠲᠠᠯᠳᠠ ᠭᠡᠮ  ᠢ ᠨᠠᠷᠢᠪᠴᠢᠯᠠᠨ ᠪᠠᠶᠢᠴᠠᠭᠠᠬᠤ  ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠠᠯᠳᠠ ᠭᠡᠮ  ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠠᠵᠢᠯ  ᠤᠨ ᠪᠠᠶᠢᠭᠤᠯᠤᠮᠵᠢ ᠪᠠᠶᠢᠭᠤᠯᠵᠤ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠠᠵᠢᠯᠲᠠᠨ ᠲᠣᠬᠢᠷᠠᠭᠤᠯᠵᠤ᠂ ᠪᠥᠬᠦ ᠠᠵᠢᠯᠲᠠᠨ  ᠤ ᠠᠶᠦᠯᠭᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠠᠶᠦᠯᠭᠦᠢ ᠶᠢᠨ ᠬᠠᠮᠢᠶᠠᠷᠤᠯᠲᠠ ᠶᠢᠨ ᠳᠦᠷᠢᠮ  ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠶᠦᠯᠭᠦᠢ ᠦᠢᠯᠡᠳᠪᠦᠷᠢᠯᠡᠯ ᠎ ᠤᠨ ᠪᠠᠷᠢᠮᠵᠢᠶᠠᠵᠢᠭᠤᠯᠬᠤ ᠡᠯ᠎ᠡ ᠬᠦᠴᠦᠨ ᠵᠦᠢᠯ᠂ ᠡᠯ᠎ᠡ ᠲᠤᠰᠬᠠᠢ ᠮᠡᠷᠭᠡᠵᠢᠯ  ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠡᠶ᠎ᠡ ᠪᠠᠨ ᠳᠠᠭᠠᠭᠠᠵᠤ ᠠᠵᠢᠯᠯᠠᠬᠤ᠂ ᠦᠷᠭᠦᠯᠵᠢᠯᠡᠨ ᠬᠠᠯᠠᠨ ᠰᠠᠶᠢᠵᠢᠷᠠᠭᠤᠯᠬᠤ ᠳᠣᠲᠣᠭᠠᠳᠤ ᠲᠣᠭᠲᠠᠴᠠ ᠶᠢ ᠦᠨᠡᠨᠬᠦ ᠪᠤᠢ ᠪᠣᠯᠭᠠᠵᠤ᠂ ᠠᠭᠤᠷᠬᠠᠢ ᠶᠢᠨ ᠠᠶᠦᠯᠭᠦᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃         ᠲᠠᠪᠤᠳᠤᠭᠠᠷ ᠵᠦᠢᠯ ᠬᠡᠪ  ᠤᠨ ᠶᠣᠰᠣᠭᠠᠷ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠲᠡᠰ  ᠢᠶᠠᠷ ᠮᠡᠳᠡᠭᠦᠯᠵᠦ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠲᠡᠰ  ᠢ ᠣᠯᠣᠭᠰᠠᠨ ᠠᠭᠤᠷᠬᠠᠢ ᠨᠤᠭᠤᠳ ᠵᠣᠬᠢᠴᠠᠩᠭᠤᠢ ᠲᠡᠰ  ᠤᠨ ᠬᠠᠷᠠᠭᠠᠯᠵᠠᠯ  ᠤᠨ ᠲᠥᠷᠥ ᠶᠢᠨ ᠪᠣᠳᠣᠯᠭ᠎ᠠ ᠶᠢ ᠬᠥᠷᠳᠡᠨ᠎ᠠ᠄           ︵᠎  ᠨᠢᠭᠡ︶᠎  ᠡᠯ᠎ᠡ ᠱᠠᠲᠤᠨ  ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠭᠰᠠᠨ ᠨᠢᠭᠡᠳᠦᠭᠡᠷ ᠳᠡᠰ  ᠤᠨ ᠠᠭᠤᠷᠬᠠᠢ ᠶᠢ ᠪᠠᠶᠢᠴᠠᠭᠠᠬᠤ ᠤᠳᠠᠭ᠎ᠠ ᠪᠠᠨ ᠵᠣᠬᠢᠰᠲᠠᠢ ᠪᠠᠷ ᠪᠠᠭᠠᠰᠬᠠᠬᠤ ᠬᠡᠷᠡᠭᠲᠡᠢ᠃          ︵᠎  ᠬᠤᠶᠠᠷ︶᠎  ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠭᠰᠠᠨ ᠨᠢᠭᠡᠳᠦᠭᠡᠷ ᠳᠡᠰ  ᠤᠨ ᠠᠭᠤᠷᠬᠠᠢ ᠶᠢᠨ ᠦᠢᠯᠡᠳᠪᠦᠷᠢᠯᠡᠯ ᠢᠶᠠᠨ ᠵᠣᠭᠰᠣᠭᠠᠭᠰᠠᠨ ᠤ ᠲᠠᠷᠠᠭ᠎ᠠ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ ᠠᠪᠬᠤ  ᠳᠤ᠂ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ ᠠᠪᠬᠤ ᠶᠢ ᠡᠩ ᠲᠡᠷᠢᠭᠦᠨ  ᠳᠤ ᠶᠠᠪᠤᠭᠳᠠᠭᠤᠯᠤᠨ᠎ᠠ᠃                    ︵᠎  ᠭᠤᠷᠪᠠ︶᠎  ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠨᠢᠭᠡᠳᠦᠭᠡᠷ ᠳᠡᠰ᠂ ᠬᠤᠶᠠᠳᠤᠭᠠᠷ ᠳᠡᠰ  ᠤᠨ ᠨᠡᠭᠦᠷᠡᠰᠦᠨ ᠠᠭᠤᠷᠬᠠᠢ ᠨᠤᠭᠤᠳ ᠠᠶᠦᠯᠭᠦᠢ ᠦᠢᠯᠡᠳᠪᠦᠷᠢᠯᠡᠯ  ᠤᠨ ᠵᠥᠪᠰᠢᠶᠡᠷᠡᠯ  ᠤᠨ ᠦᠨᠡᠮᠯᠡᠯ  ᠤᠨ ᠬᠦᠴᠦᠨ ᠲᠠᠢ ᠬᠤᠭᠤᠴᠠᠭ᠎ᠠ ᠳᠦᠭᠦᠷᠬᠦ ᠦᠶ᠎ᠡ  ᠳᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠎ ᠤ ᠲᠣᠭᠲᠠᠭᠠᠭᠰᠠᠨ ᠪᠤᠰᠤᠳ ᠨᠥᠬᠦᠴᠡᠯ  ᠳᠤ ᠨᠡᠶᠢᠴᠡᠪᠡᠯ᠂ ᠠᠶᠦᠯᠭᠦᠢ ᠦᠢᠯᠡᠳᠪᠦᠷᠢᠯᠡᠯ  ᠤᠨ ᠵᠥᠪᠰᠢᠶᠡᠷᠡᠯ  ᠤᠨ ᠦᠨᠡᠮᠯᠡᠯ  ᠤᠨ ᠬᠤᠭᠤᠴᠠᠭ᠎ᠠ ᠶᠢ ᠰᠢᠭᠤᠳ ᠤᠷᠲᠤᠳᠬᠠᠬᠤ ᠭᠠᠷᠳᠠᠮ ᠭᠦᠢᠴᠡᠳᠬᠡᠵᠦ ᠪᠣᠯᠣᠨ᠎ᠠ᠃         ᠡᠯ᠎ᠡ ᠠᠶᠢᠮᠠᠭ ᠬᠤᠳᠠ ᠶᠢᠨ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠤᠳ ᠲᠤᠰ ᠭᠠᠵᠠᠷ ᠣᠷᠣᠨ  ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠯᠪᠣᠭᠳᠠᠯ ᠪᠦᠬᠦᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠭᠤᠷᠬᠠᠢ ᠶᠢᠨ ᠠᠵᠤ ᠠᠬᠤᠶᠢᠯᠠᠯ  ᠤᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢ ᠡᠭᠦᠳᠦᠨ ᠪᠠᠶᠢᠭᠤᠯᠬᠤ ᠢᠳᠡᠪᠬᠢᠵᠢᠯ ᠎ ᠢ ᠳᠡᠭᠡᠭᠰᠢᠯᠡᠭᠦᠯᠬᠦ ᠬᠡᠷᠡᠭᠲᠡᠢ᠃         ᠵᠢᠷᠭᠤᠳᠤᠭᠠᠷ ᠵᠦᠢᠯ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠲᠡᠰ  ᠢ ᠣᠯᠣᠭᠰᠠᠨ ᠠᠭᠤᠷᠬᠠᠢ ᠨᠤᠭᠤᠳ ᠡᠳᠦᠷ ᠲᠤᠳᠤᠮ  ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠰᠠᠶᠢᠲᠤᠷ ᠭᠦᠢᠴᠡᠳᠬᠡᠬᠦ ᠬᠡᠷᠡᠭᠲᠡᠢ᠃          ︵᠎  ᠨᠢᠭᠡ︶᠎  ᠠᠭᠤᠷᠬᠠᠢ ᠶᠢᠨ ᠠᠵᠤ ᠠᠬᠤᠶᠢᠯᠠᠯ ᠤᠳ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠰᠢᠰᠲ᠋ᠧᠮ ᠢ ᠪᠠᠶᠢᠭᠤᠯᠵᠤ᠂ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠬᠢᠭᠡᠳ ᠦᠷ᠎ᠡ ᠪᠦᠲᠦᠮᠵᠢ ᠶᠢ ᠦᠨᠡᠯᠡᠨ ᠵᠢᠱᠢᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠤᠯᠠᠷᠢᠯ ᠪᠦᠷᠢ ᠳᠤ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠪᠥᠬᠦ ᠬᠦᠴᠦᠨ ᠵᠦᠢᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠶᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠦᠷᠭᠦᠯᠵᠢᠯᠡᠨ ᠬᠠᠯᠠᠨ ᠰᠠᠶᠢᠵᠢᠷᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠳᠤ ᠮᠡᠳᠡᠭᠦᠯᠦᠯᠲᠡ ᠪᠣᠯᠭᠠᠬᠤ ᠬᠡᠷᠡᠭᠲᠡᠢ᠃          ︵᠎  ᠬᠤᠶᠠᠷ︶᠎  ᠠᠭᠤᠷᠬᠠᠢ ᠶᠢᠨ ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ᠂ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢᠨ ᠠᠵᠢᠯᠯᠠᠭᠠᠨ ᠢᠶᠠᠷ ᠭᠤᠣᠯ ᠪᠣᠯᠭᠠᠵᠤ᠂ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠵᠤ ᠪᠣᠳᠠᠲᠠᠶᠢᠵᠢᠭᠤᠯᠤᠭᠰᠠᠨ ᠡᠰᠡᠬᠦ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠤᠭᠰᠠᠨ ᠡᠰᠡᠬᠦ ᠶᠢ ᠦᠨᠡᠯᠡᠨ ᠵᠢᠱᠢᠬᠦ ᠬᠡᠷᠡᠭᠲᠡᠢ︔᠎  ᠳᠠᠯᠳᠠ ᠬᠡᠮ ᠰᠣᠭᠤᠭ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠤ ᠪᠦᠬᠦᠨ ᠢ ᠬᠠᠮᠤᠷᠬᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠦᠭᠰᠡᠨ ᠡᠰᠡᠬᠦ ᠶᠢ ᠦᠨᠡᠯᠡᠨ ᠵᠢᠱᠢᠨ᠎ᠡ᠃          ︵᠎  ᠭᠤᠷᠪᠠ︶᠎  ᠠᠭᠤᠷᠬᠠᠢ ᠶᠢᠨ ᠠᠵᠤ ᠠᠬᠤᠶᠢᠯᠠᠯ  ᠤᠨ ᠳᠡᠭᠡᠳᠦ ᠱᠠᠲᠤᠨ  ᠤ ᠺᠣᠮᠫᠠᠨᠢ ᠨᠤᠭᠤᠳ ᠪᠥᠬᠦ ᠬᠦᠴᠦᠨ ᠵᠦᠢᠯ ᠣᠨ ᠪᠠᠶᠢᠴᠠᠭᠠᠯᠲᠠ ᠶᠢ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠵᠦ᠂ ᠠᠭᠤᠷᠬᠠᠢ ᠶᠢᠨ ᠠᠵᠤ ᠠᠬᠤᠶᠢᠯᠠᠯ  ᠤᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠰᠢᠯᠭᠠᠨ ᠦᠨᠡᠯᠡᠵᠦ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠶᠠᠪᠤᠴᠠ  ᠳᠤ ᠣᠷᠣᠰᠢᠵᠤ ᠪᠠᠶᠢᠭ᠎ᠠ ᠠᠰᠠᠭᠤᠳᠠᠯ  ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠬᠠᠯᠠᠨ ᠰᠠᠶᠢᠵᠢᠷᠠᠭᠤᠯᠵᠤ᠂ ᠠᠭᠤᠷᠬᠠᠢ ᠶᠢᠨ ᠠᠵᠤ ᠠᠬᠤᠶᠢᠯᠠᠯ  ᠤᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠬᠥᠳᠡᠯᠦᠩᠭᠦᠢ ᠪᠠᠶᠢᠳᠠᠯ  ᠤᠨ ᠪᠠᠷᠢᠮᠵᠢᠶ᠎ᠠ  ᠳᠤ ᠬᠦᠷᠦᠭᠦᠯᠬᠦ ᠶᠢ ᠪᠦᠲᠦᠮᠵᠢᠲᠡᠶ ᠠᠬᠢᠭᠤᠯᠬᠤ ᠬᠡᠷᠡᠭᠲᠡᠢ᠃         ᠭᠤᠷᠪᠠᠳᠤᠭᠠᠷ ᠪᠦᠯᠦᠭ ᠦᠨᠡᠯᠡᠨ ᠵᠢᠱᠢᠵᠦ ᠬᠢᠨᠠᠨ ᠰᠢᠯᠭᠠᠬᠤ         ᠳᠣᠯᠣᠳᠤᠭᠠᠷ ᠵᠦᠢᠯ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎  ᠎ ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠱᠠᠲᠤ ᠬᠤᠪᠢᠶᠠᠨ ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠬᠢᠨᠠᠨ ᠬᠠᠮᠢᠶᠠᠷᠬᠤ ᠬᠡᠪᠴᠢᠶᠡᠨ ᠳᠣᠲᠣᠷᠠᠬᠢ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ ᠣᠯᠣᠭᠰᠠᠨ ᠠᠭᠤᠷᠬᠠᠢ ᠶᠢᠨ ᠠᠵᠤ ᠠᠬᠤᠶᠢᠯᠠᠯ  ᠢ ᠦᠨᠡᠯᠡᠨ ᠵᠢᠱᠢᠵᠦ ᠬᠢᠨᠠᠨ ᠰᠢᠯᠭᠠᠬᠤ ᠪᠠᠨ ᠴᠢᠩᠭᠠᠳᠬᠠᠵᠤ᠂ ᠵᠢᠯ ᠪᠦᠷᠢ ᠵᠣᠬᠢᠬᠤ ᠬᠠᠷᠢᠴᠠᠯ ᠢᠶᠠᠷ ᠰᠤᠭᠤᠴᠢᠨ ᠪᠠᠶᠢᠴᠠᠭᠠᠵᠤ᠂ ᠰᠤᠭᠤᠴᠢᠨ ᠪᠠᠶᠢᠴᠠᠭᠠᠬᠤ ᠬᠠᠷᠢᠴᠠᠯ  ᠢ ᠵᠠᠷᠴᠢᠮ ᠳᠡᠭᠡᠷ᠎ᠡ ᠪᠠᠨ 20%᠎ ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ᠃         ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ  ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠢ ᠣᠯᠣᠭᠰᠠᠨ ᠠᠭᠤᠷᠬᠠᠢ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠬᠥᠳᠡᠯᠦᠩᠭᠦᠢ ᠪᠠᠶᠢᠳᠠᠯ  ᠤᠨ ᠪᠠᠷᠢᠮᠵᠢᠶ᠎ᠠ ᠳᠤ ᠬᠥᠷᠥᠭᠰᠡᠨ ᠡᠰᠡᠬᠦ ᠶᠢ ᠦᠨᠡᠯᠡᠨ ᠵᠢᠱᠢᠬᠦ ᠶᠢᠨ ᠬᠠᠮᠲᠤ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎  ᠎ ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠤᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢ ᠦᠨᠡᠯᠡᠨ ᠵᠢᠱᠢᠵᠦ ᠬᠢᠨᠠᠨ ᠰᠢᠯᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ  ᠳᠤ ᠰᠤᠭᠤᠴᠢᠨ ᠪᠠᠶᠢᠴᠠᠭᠠᠯᠲᠠ ᠭᠦᠢᠴᠡᠳᠬᠡᠬᠦ ᠬᠡᠷᠡᠭᠲᠡᠢ᠃         ᠳᠥᠷᠪᠡᠳᠦᠭᠡᠷ ᠪᠦᠯᠦᠭ ᠦᠷ᠎ᠡ ᠳ᠋ᠦᠩ ᠢ ᠰᠢᠢᠳᠪᠦᠷᠢᠯᠡᠬᠦ         ᠶᠢᠰᠦᠳᠦᠭᠡᠷ ᠵᠦᠢᠯ ᠡᠯ᠎ᠡ ᠱᠠᠲᠤᠨ  ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠪᠠ ᠡᠳᠦᠷ ᠲᠤᠳᠤᠮ  ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠪᠠᠨ ᠳᠠᠷᠠᠭᠠᠬᠢ ᠬᠡᠳᠦᠨ ᠲᠠᠯ᠎ᠠ ᠪᠠᠷ ᠪᠠᠶᠢᠳᠠᠯ  ᠢ ᠣᠯᠵᠤ ᠮᠡᠳᠡᠪᠡᠯ᠂ ᠣᠯᠣᠭᠰᠠᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠢ ᠨᠢ ᠪᠠᠭᠤᠷᠠᠭᠤᠯᠬᠤ ᠪᠤᠶᠤ ᠬᠦᠴᠦᠨ ᠦᠭᠡᠢ ᠪᠣᠯᠭᠠᠬᠤ ᠬᠡᠷᠡᠭᠲᠡᠢ᠃          ︵ᠨᠢᠭᠡ︶᠎  ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠳᠤ ᠨᠢᠭᠡ ᠪᠤᠶᠤ ᠤᠯᠠᠨ ᠡᠯᠧᠮᠧᠨ᠋ᠲ ᠤᠨ ᠣᠯᠣᠭᠰᠠᠨ ᠬᠤᠪᠢ ᠨᠢ ᠤᠤᠯ ᠤᠨ ᠵᠡᠷᠭᠡ ᠳᠡᠰ ᠤᠨ ᠱᠠᠭᠠᠷᠳᠠᠯᠭ᠎ᠠ ᠶᠢ ᠬᠠᠩᠭᠠᠭᠰᠠᠨ ᠦᠭᠡᠢ᠂ ᠡᠰᠡᠬᠦᠯ᠎ᠡ ᠡᠯ᠎ᠡ ᠡᠯᠧᠮᠧᠨ᠋ᠲ ᠤᠨ ᠣᠯᠣᠭᠰᠠᠨ ᠬᠤᠪᠢ ᠨᠢ ᠤᠤᠯ ᠤᠨ ᠵᠡᠷᠭᠡ ᠳᠡᠰ ᠤᠨ ᠱᠠᠭᠠᠷᠳᠠᠯᠭ᠎ᠠ ᠶᠢ ᠬᠠᠩᠭᠠᠭᠰᠠᠨ ᠪᠣᠯᠪᠠᠴᠤ ᠶᠡᠷᠦᠩᠬᠡᠶᠢᠯᠡᠭᠰᠡᠨ ᠣᠯᠣᠭᠰᠠᠨ ᠬᠤᠪᠢ ᠨᠢ ᠱᠠᠭᠠᠷᠳᠠᠯᠭ᠎ᠠ ᠶᠢ ᠬᠠᠩᠭᠠᠭᠰᠠᠨ ᠦᠭᠡᠢ ᠪᠠᠶᠢᠪᠠᠯ᠂ ᠲᠡᠭᠦᠨ ᠤ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠵᠡᠷᠭᠡ ᠳᠡᠰ ᠢ ᠪᠠᠭᠤᠷᠠᠭᠤᠯᠬᠤ ᠬᠡᠷᠡᠭᠲᠡᠢ ︵ᠭᠤᠷᠪᠠᠳᠤᠭᠠᠷ ᠳᠡᠰ ᠢ ᠬᠠᠰᠤᠨ᠎ᠠ︶᠎ ︔᠎           ︵᠎  ᠬᠤᠶᠠᠷ︶᠎  ᠠᠭᠤᠷᠬᠠᠢ ᠳᠤ ᠬᠦᠨᠳᠦ ᠬᠡᠴᠡᠭᠦᠦ ᠡ᠊ᠨᠳᠡᠯ  ᠤᠨ ᠲᠠᠯᠳᠠ ᠭᠡᠮ ᠣᠷᠣᠰᠢᠵᠤ ᠪᠠᠶᠢᠬᠤ ᠶᠢ ᠪᠠᠶᠢᠴᠠᠭᠠᠨ ᠰᠢᠢᠳᠪᠦᠷᠢᠯᠡᠭᠰᠡᠨ ᠤ ᠲᠠᠷᠠᠭ᠎ᠠ᠂ ᠪᠠᠶᠢᠴᠠᠭᠠᠨ ᠰᠢᠢᠳᠪᠦᠷᠢᠯᠡᠭᠰᠡᠨ ᠡᠳᠦᠷ ᠠᠴᠠ ᠡᠬᠢᠯᠡᠨ 6 ᠳ᠋ᠤᠭᠠᠷ ᠰᠠᠷ᠎ᠠ ᠨᠡᠬᠡᠮᠵᠢᠯᠡᠵᠦ᠂ ᠪᠠᠶᠢᠴᠠᠭᠠᠨ ᠰᠢᠢᠳᠪᠦᠷᠢᠯᠡᠭᠰᠡᠨ ᠬᠦᠨᠳᠦ ᠬᠡᠴᠡᠭᠦᠦ ᠡ᠊ᠨᠳᠡᠯ  ᠤᠨ ᠲᠠᠯᠳᠠ ᠭᠡᠮ  ᠤᠨ ᠲᠤᠭ᠎ᠠ ᠬᠡᠮᠵᠢᠶ᠎ᠡ ᠎ ᠨᠢ ᠠᠭᠤᠷᠬᠠᠢ ᠶᠢᠨ ᠠᠵᠤ ᠠᠬᠤᠶᠢᠯᠠᠯ  ᠤᠨ ᠥᠪᠡᠷ ᠲᠡᠭᠡᠨ ᠪᠠᠶᠢᠴᠠᠭᠠᠵᠤ ᠳᠡᠭᠡᠭᠰᠢ ᠮᠡᠳᠡᠭᠦᠯᠦᠭᠰᠡᠨ ᠲᠤᠭ᠎ᠠ ᠬᠡᠮᠵᠢᠶ᠎ᠡ ᠠᠴᠠ ᠬᠡᠲᠦᠷᠡᠭᠰᠡᠨ ᠪᠠᠶᠢᠪᠠᠯ᠂ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠢ ᠨᠢ ᠪᠠᠭᠤᠷᠠᠭᠤᠯᠬᠤ ᠬᠡᠷᠡᠭᠲᠡᠢ ︵ᠭᠤᠷᠪᠠᠳᠤᠭᠠᠷ ᠳᠡᠰ ᠨᠢ ᠬᠦᠴᠦᠨ ᠦᠭᠡᠢ ᠪᠣᠯᠭᠠᠨ᠎ᠠ︶᠎ ︔᠎           ︵ᠭᠤᠷᠪᠠ︶᠎  ᠦᠢᠯᠡᠳᠪᠦᠷᠢᠯᠡᠯ ᠢᠶᠠᠨ ᠵᠣᠭᠰᠣᠭᠠᠭᠠᠳ 6 ᠳ᠋ᠤᠭᠠᠷ ᠰᠠᠷ᠎ᠠ ᠬᠡᠲᠦᠷᠡᠭᠰᠡᠨ ᠠᠭᠤᠷᠬᠠᠢ ᠶᠢᠨ ᠤᠤᠯ ᠤᠨ ᠪᠠᠶᠢᠭᠰᠠᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠲᠡᠰ ᠢ ᠨᠢ ᠬᠠᠰᠤᠵᠤ᠂ ᠦᠢᠯᠡᠳᠪᠦᠷᠢᠯᠡᠯ ᠢᠶᠠᠨ ᠰᠡᠷᠭᠦᠭᠡᠬᠦ ᠦᠶ᠎ᠡ ᠳᠤ ᠲᠠᠬᠢᠨ ᠮᠡᠳᠡᠭᠦᠯᠵᠦ᠂ ᠬᠢᠨᠠᠨ ᠰᠢᠯᠭᠠᠵᠤ ᠲᠡᠰ ᠲᠣᠭᠲᠠᠭᠠᠬᠤ ᠬᠡᠷᠡᠭᠲᠡᠢ︔᠎           ︵᠎  ᠳᠥᠷᠪᠡ︶᠎  ᠦᠢᠯᠡᠳᠪᠦᠷᠢᠯᠡᠯ  ᠤᠨ ᠠᠶᠦᠯᠭᠦᠢ ᠶᠢᠨ ᠦᠬᠦᠯ ᠤᠨ ᠡ᠊ᠨᠳᠡᠯ ᠭᠠᠷᠤᠭᠰᠠᠨ ᠨᠡᠭᠦᠷᠡᠰᠦᠨ ᠠᠭᠤᠷᠬᠠᠢ ᠨᠤᠭᠤᠳ ᠡ᠊ᠨᠳᠡᠯ ᠭᠠᠷᠤᠭᠰᠠᠨ ᠡᠳᠦᠷ ᠠᠴᠠ ᠡᠬᠢᠯᠡᠨ ᠣᠯᠣᠭᠰᠠᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠲᠡᠰ ᠢ ᠨᠢ ᠪᠠᠭᠤᠷᠠᠭᠤᠯᠬᠤ ᠪᠤᠶᠤ ᠬᠠᠰᠤᠬᠤ ᠬᠡᠷᠡᠭᠲᠡᠢ᠃ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠨᠡᠭᠦᠷᠡᠰᠦᠨ ᠠᠭᠤᠷᠬᠠᠢ ᠳᠤ ᠡ᠊ᠩ ᠤᠨ ᠡ᠊ᠨᠳᠡᠯ ᠭᠠᠷᠤᠭᠰᠠᠨ ᠤ ᠲᠠᠷᠠᠭ᠎ᠠ ᠳᠤᠰ ᠳᠤᠰ ᠬᠤᠶᠠᠳᠤᠭᠠᠷ ᠳᠡᠰ᠂ ᠭᠤᠷᠪᠠᠳᠤᠭᠠᠷ ᠳᠡᠰ ᠪᠣᠯᠭᠠᠨ ᠪᠠᠭᠤᠷᠠᠭᠤᠯᠵᠤ᠂ ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠡ᠊ᠨᠳᠡᠯ ᠭᠠᠷᠤᠭᠰᠠᠨ ᠤ ᠲᠠᠷᠠᠭ᠎ᠠ ᠳᠡᠳᠡᠨ ᠤ ᠵᠡᠷᠭᠡ ᠳᠡᠰ ᠢ ᠨᠢ ᠬᠠᠰᠤᠨ᠎ᠠ︔᠎  ᠭᠤᠷᠪᠠᠳᠤᠭᠠᠷ ᠳᠡᠰ ᠤᠨ ᠨᠡᠭᠦᠷᠡᠰᠦᠨ ᠠᠭᠤᠷᠬᠠᠢ ᠳᠤ ᠡ᠊ᠩ ᠤᠨ ᠪᠠ ᠲᠡᠭᠦᠨ ᠠᠴᠠ ᠳᠡᠭᠡᠭᠰᠢᠬᠢ ᠡ᠊ᠨᠳᠡᠯ ᠭᠠᠷᠤᠭᠰᠠᠨ ᠤ ᠲᠠᠷᠠᠭ᠎ᠠ ᠵᠡᠷᠭᠡ ᠳᠡᠰ ᠢ ᠨᠢ ᠬᠠᠰᠤᠨ᠎ᠠ︔᠎           ︵᠎  ᠲᠠᠪᠤ︶᠎  ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ  ᠤᠨ ᠨᠡᠭᠦᠷᠡᠰᠦᠨ  ᠤ ᠪᠤᠰᠤ ᠠᠭᠤᠷᠬᠠᠢ  ᠳᠤ ᠦᠢᠯᠡᠳᠪᠦᠷᠢᠯᠡᠯ ᠤᠨ ᠠᠶᠦᠯᠭᠦᠢ ᠶᠢᠨ ᠡ᠊ᠨᠳᠡᠯ ᠵᠣᠬᠢᠴᠠᠩᠭᠤᠢ ᠪᠠᠷ ᠭᠠᠷᠴᠤ 1 ᠬᠥᠮᠥᠨ ︵᠎ 1 ᠬᠥᠮᠥᠨ ᠪᠠᠭᠲᠠᠨ᠎ᠠ︶᠎ ᠂ 2 ᠬᠥᠮᠥᠨ ︵᠎ 2 ᠬᠥᠮᠥᠨ ᠪᠠᠭᠲᠠᠨ᠎ᠠ︶᠎ ᠂ 3 ᠬᠥᠮᠥᠨ ︵᠎ 3 ᠬᠥᠮᠥᠨ ᠪᠠᠭᠲᠠᠨ᠎ᠠ︶᠎ ᠎ ᠠᠴᠠ ᠳᠡᠭᠡᠭᠰᠢ ᠦᠬᠦᠭᠰᠡᠨ ᠪᠣᠯ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃         ᠠᠷᠪᠠᠳᠤᠭᠠᠷ ᠵᠦᠢᠯ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ ᠨᠢ ᠬᠦᠴᠦᠨ ᠦᠭᠡᠢ ᠪᠣᠯᠭᠠᠭᠳᠠᠭᠰᠠᠨ ᠨᠡᠭᠦᠷᠡᠰᠦᠨ ᠠᠭᠤᠷᠬᠠᠢ ᠶᠢ ᠬᠦᠴᠦᠨ ᠦᠭᠡᠢ ᠪᠣᠯᠭᠠᠬᠤ ᠲᠣᠭᠲᠠᠭᠠᠯ  ᠢ ᠬᠡᠷᠡᠭᠵᠢᠭᠦᠯᠦᠭᠰᠡᠨ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠦᠢᠯᠡᠳᠪᠦᠷᠢᠯᠡᠯ ᠢ ᠨᠢ ᠳᠠᠷᠤᠶᠢᠬᠠᠨ ᠵᠣᠭᠰᠣᠭᠠᠵᠤ᠂ ᠴᠡᠭᠴᠡᠯᠡᠨ ᠥᠭᠡᠷᠡᠴᠢᠯᠡᠭᠦᠯᠬᠦ ᠪᠠᠷ ᠬᠠᠤᠯᠢ ᠶᠣᠰᠣᠭᠠᠷ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ  ᠤ ᠬᠠᠮᠲᠤ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠢ ᠣᠯᠣᠭᠰᠠᠨ  ᠤ ᠲᠠᠷᠠᠭ᠎ᠠ ᠰᠠᠶ᠋ᠢ ᠦᠢᠯᠡᠳᠪᠦᠷᠢᠯᠡᠯ ᠢ ᠨᠢ ᠰᠡᠷᠭᠦᠭᠡᠵᠦ ᠪᠣᠯᠣᠨ᠎ᠠ᠃         ᠠᠷᠪᠠᠨ ᠨᠢᠭᠡᠳᠦᠭᠡᠷ ᠵᠦᠢᠯ ᠡᠯ᠎ᠡ ᠠᠶᠢᠮᠠᠭ ᠬᠤᠳᠠ ᠶᠢᠨ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠭᠠᠰ ᠵᠢᠯ ᠪᠦᠷᠢ ᠬᠠᠷᠢᠶ᠎ᠠ ᠣᠷᠣᠨ  ᠤ ᠪᠠᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠤᠨ ᠠᠭᠤᠷᠬᠠᠢ ᠶᠢᠨ ᠮᠡᠳᠡᠭᠡ ᠵᠠᠩᠭᠢ ᠶᠢ ᠪᠠᠭᠤᠷᠠᠭᠤᠯᠬᠤ ᠪᠠ ᠬᠦᠴᠦᠨ ᠦᠭᠡᠢ ᠪᠣᠯᠭᠠᠬᠤ ᠶᠢ ᠬᠤᠷᠢᠶᠠᠩᠭᠤᠶᠢᠯᠠᠵᠤ᠂ ᠤᠯᠤᠰ  ᠤᠨ ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ  ᠤᠨ ᠲᠣᠪᠴᠢᠶ᠎ᠠ ᠶᠢᠨ ᠰᠠᠭᠤᠭ᠎ᠠ ᠭᠠᠵᠠᠷ  ᠤᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠭᠠᠵᠠᠷ᠂ ᠬᠤᠰᠢᠭᠤ ᠰᠢᠶᠠᠨ ︵ᠬᠤᠳᠠ᠂ ᠲᠣᠭᠤᠷᠢᠭ︶᠎  ᠎ ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠨᠠᠪᠲᠠᠷᠡᠭᠦᠯᠵᠦ᠂ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ  ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃         ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠨᠡᠯᠡᠨ ᠵᠢᠱᠢᠵᠦ ᠬᠢᠨᠠᠨ ᠰᠢᠯᠭᠠᠭᠰᠠᠨ ᠪᠠᠶᠢᠳᠠᠯ ᠢ ᠳ᠋ᠦᠩᠨᠡᠨ ᠬᠤᠷᠢᠶᠠᠩᠭᠤᠶᠢᠯᠠᠵᠤ᠂ ᠬᠤᠰᠢᠭᠤ ᠰᠢᠶᠠᠨ ︵ᠬᠤᠳᠠ᠂ ᠲᠣᠭᠤᠷᠢᠭ︶᠎  ᠎ ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠷᠢᠶᠠᠩᠭᠤᠶᠢᠯᠠᠭᠰᠠᠨ ᠪᠠᠶᠢᠳᠠᠯ ᠢᠶᠠᠨ ᠵᠢᠯ ᠪᠦᠷᠢ ᠶᠢᠨ 12 ᠳ᠋ᠤᠭᠠᠷ ᠰᠠᠷ᠎ᠠ ᠶᠢᠨ 5 ᠎ ᠤ ᠡᠳᠦᠷ ᠠᠴᠠ ᠡᠮᠦᠨ᠎ᠡ ᠠᠶᠢᠮᠠᠭ ᠬᠤᠳᠠ ᠶᠢᠨ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠠᠶᠢᠮᠠᠭ ᠬᠤᠳᠠ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠷᠢᠶᠠᠩᠭᠤᠶᠢᠯᠠᠭᠰᠠᠨ ᠪᠠᠶᠢᠳᠠᠯ ᠢᠶᠠᠨ ᠵᠢᠯ ᠪᠦᠷᠢ ᠶᠢᠨ 12 ᠳ᠋ᠤᠭᠠᠷ ᠰᠠᠷ᠎ᠠ ᠶᠢᠨ 15 ᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ  ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠡᠯ᠎ᠡ ᠠᠶᠢᠮᠠᠭ ᠬᠤᠳᠠ ᠨᠤᠭᠤᠳ ᠲᠤᠰ ᠵᠠᠰᠠᠭ ᠵᠠᠬᠢᠷᠭᠠᠨ  ᠤ ᠣᠷᠣᠨ  ᠤ ᠪᠠᠨ ᠳᠣᠲᠣᠷᠠᠬᠢ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ ᠶᠢᠨ ᠲᠡᠰ  ᠢ ᠪᠠᠭᠤᠷᠠᠭᠤᠯᠤᠭᠰᠠᠨ ᠪᠠ ᠬᠠᠰᠤᠭᠰᠠᠨ ᠪᠠᠶᠢᠳᠠᠯ  ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠨᠡᠪᠲᠡᠷᠡᠭᠦᠯᠬᠦ ᠬᠡᠷᠡᠭᠲᠡᠢ᠃         ᠲᠠᠪᠤᠳᠤᠭᠠᠷ ᠪᠦᠯᠦᠭ ᠬᠠᠪᠰᠤᠷᠤᠯᠲᠠ ᠳᠦᠷᠢᠮ         ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠠᠭᠤᠷᠬᠠᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃         ᠠᠷᠪᠠᠨ ᠳᠥᠷᠪᠡᠳᠦᠭᠡᠷ ᠵᠦᠢᠯ ᠲᠤᠰ ᠠᠷᠭ᠎ᠠ ᠶᠢ ᠬᠡᠪᠯᠡᠨ ᠶᠠᠪᠤᠭᠤᠯᠤᠭᠰᠠᠨ ᠡᠳᠦᠷ ᠠᠴᠠ ᠡᠬᠢᠯᠡᠨ ᠮᠥᠷᠳᠡᠨ᠎ᠡ᠃        ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ ᠰᠢᠯᠭᠠᠨ ᠬᠢᠨᠠᠬᠤ ᠠᠷᠭ᠎ᠠ︾᠎ ᠎ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠳᠣᠷᠬᠠᠶᠢᠯᠠᠯᠲᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号