| | | | | ᠦᠰᠦᠨ ᠤ ᠥᠩᠭᠡ ᠨᠢ ᠦᠰᠦᠨ ᠤ ᠤᠭᠤᠲᠠ ᠳᠣᠲᠣᠷᠠᠬᠢ ᠬᠠᠷ᠎ᠠ ᠥᠩᠭᠡᠨ ᠡᠳ᠋ ᠤᠨ ᠡᠰ ᠠᠴᠠ ᠲᠣᠭᠲᠠᠭᠠᠭᠳᠠᠳᠠᠭ᠃ | ᠬᠡᠪ ᠤᠨ ᠪᠠᠶᠢᠳᠠᠯ ᠳᠣᠣᠷ᠎ᠠ᠂ ᠦᠰᠦᠨ ᠤ ᠤᠭᠤᠲᠠᠨ ᠳᠠᠬᠢ ᠬᠠᠷ᠎ᠠ ᠡᠳ᠋ ᠤᠨ ᠡᠰ ᠠᠴᠠ ᠬᠠᠷ᠎ᠠ ᠥᠩᠭᠡ ᠶᠢᠨ ᠡᠳ᠋ | ᠢᠯᠭᠠᠷᠠᠭᠤᠯᠬᠤ ᠳᠤ ᠭᠡᠵᠢᠭᠡ ᠶᠢ ᠬᠠᠷ᠎ᠠ ᠥᠩᠭᠡ᠂ ᠬᠦᠷᠡᠩ ᠥᠩᠭᠡ ᠶᠢᠨ ᠠᠳᠠᠯᠢ ᠪᠤᠰᠤ ᠥᠩᠭᠡ ᠲᠠᠢ ᠪᠣᠯᠭᠠᠳᠠᠭ᠃ | ᠡᠶᠢᠮᠦᠷᠬᠦᠦ ᠰᠢᠭᠦᠷᠡᠭᠦᠯᠬᠦ ᠴᠢᠳᠠᠪᠤᠷᠢ ᠨᠢ ᠤᠳᠤᠮᠯᠠᠯ᠂ ᠳᠠᠷᠤᠯᠲᠠ᠂ ᠨᠠᠰᠤᠨ ᠤ ᠨᠡᠮᠡᠭᠳᠡᠯ᠂ ᠡᠪᠡᠳᠴᠢᠨ ᠡᠮᠭᠡᠭ᠂ ᠰᠢᠮ᠎ᠡ | ᠲᠡᠵᠢᠭᠡᠯ ᠤᠨ ᠪᠠᠶᠢᠳᠠᠯ ᠵᠡᠷᠭᠡ ᠡᠯᠧᠮᠧᠨ᠋ᠲ ᠤᠨ ᠨᠥᠯᠥᠭᠡ ᠶᠢ ᠭᠥᠷᠳᠡᠵᠦ᠂ ᠠᠳᠠᠯᠢ ᠪᠤᠰᠤ ᠪᠣᠳᠠᠭᠠᠯᠢ ᠪᠡᠶ᠎ᠡ ᠶᠢᠨ ᠦᠰᠦᠨ ᠤ | ᠥᠩᠭᠡ ᠶᠢᠨ ᠭᠦᠨ ᠭᠦᠢᠬᠡᠨ ᠨᠢ ᠠᠳᠠᠯᠢ ᠪᠤᠰᠤ ᠪᠠᠶᠢᠳᠠᠭ᠃ | | ᠳᠡᠭᠡᠷ᠎ᠡ ᠶᠠᠷᠢᠭᠰᠠᠨ ᠡᠯᠧᠮᠧᠨ᠋ᠲ ᠤᠨ ᠨᠥᠯᠥᠭᠡᠯᠡᠯ ᠳᠣᠣᠷ᠎ᠠ᠂ ᠬᠠᠷ᠎ᠠ ᠦᠩᠭᠡᠨ ᠡᠳ᠋ ᠤᠨ ᠡᠰ ᠤᠨ ᠠᠵᠢᠯᠯᠠᠭ᠎ᠠ ᠨᠢ | ᠠᠳᠠᠯᠢ ᠪᠤᠰᠤ ᠬᠡᠮᠵᠢᠶ᠎ᠡ ᠪᠠᠷ ᠭᠡᠮᠲᠦᠬᠦ᠂ ᠳᠣᠷᠣᠶᠢᠲᠠᠬᠤ ᠶᠢᠨ ᠤᠯᠠᠮ ᠠᠴᠠ ᠦᠰᠦ ᠴᠠᠶᠢᠵᠤ᠂ ᠦᠰᠦᠨ ᠤ ᠤᠭᠤᠲᠠᠨ ᠳᠤ | ᠬᠠᠷ᠎ᠠ ᠦᠩᠭᠡᠨ ᠡᠳ᠋ ᠡᠭᠦᠰᠬᠦ ᠪᠠᠨ ᠵᠣᠭᠰᠣᠪᠠᠯ᠂ ᠦᠰᠦᠴᠠᠶᠢᠳᠠᠭ᠃ | | ᠡᠭᠦᠨ ᠠᠴᠠ ᠦᠵᠡᠬᠦ ᠳᠤ᠂ ᠦᠰᠦᠨ ᠤ ᠬᠠᠷ᠎ᠠ ᠦᠩᠭᠡᠨ ᠡᠳ᠋ ᠤᠨ ᠪᠣᠢ ᠪᠣᠯᠬᠤ ᠶᠢᠨ ᠵᠠᠩᠭᠢᠯᠠᠭ᠎ᠠ ᠨᠢ ᠦᠰᠦᠨ ᠤ | ᠤᠭᠤᠲᠠ ᠶᠢᠨ ᠠᠵᠢᠯᠯᠠᠭ᠎ᠠ ᠪᠣᠯᠣᠨ᠎ᠠ᠃ ᠬᠡᠷᠪᠡ ᠦᠰᠦᠨ ᠤ ᠤᠭᠤᠲᠠ ᠶᠢᠨ ᠬᠠᠷ᠎ᠠ ᠥᠩᠭᠡ ᠶᠢᠨ ᠡᠳ᠋ ᠤᠨ ᠡᠰ ᠨᠢ | ᠭᠡᠮᠲᠦᠭᠰᠡᠨ ᠪᠣᠯ ᠰᠢᠮ᠎ᠡ ᠲᠡᠵᠢᠭᠡᠯ ᠨᠥᠬᠦᠪᠦᠷᠢᠯᠡᠬᠦ ᠪᠠᠷ ᠳᠠᠮᠵᠢᠨ ᠦᠰᠦᠨ ᠤ ᠥᠩᠭᠡ ᠶᠢ ᠰᠡᠷᠭᠦᠭᠡᠵᠦ ᠲᠠᠶᠢᠯᠤᠨ᠎ᠠ︔ | | ᠬᠠᠷ᠎ᠠ ᠮᠠᠭᠠᠵᠢ ᠦᠨᠡᠬᠡᠷ ᠦᠰᠦ ᠲᠡᠵᠢᠭᠡᠬᠦ ᠦᠢᠯᠡᠳᠦᠯ ᠲᠠᠢ | | ᠮᠠᠭᠠᠵᠢ ᠶᠢᠨ ᠰᠢᠮ᠎ᠡ ᠲᠡᠵᠢᠭᠡᠯ ᠤᠨ ᠥᠷᠲᠡᠭ ᠡᠯᠪᠡᠭ᠂ ᠣᠨᠴᠠᠭᠠᠶᠢᠯᠠᠨ ᠬᠠᠷ᠎ᠠ ᠮᠠᠭᠠᠵᠢ᠂ ᠤᠭᠤᠷᠠᠭ᠂ ᠬᠠᠨᠤᠮᠠᠯ ᠪᠤᠰᠤ | ᠥᠭᠡᠬᠦᠨ ᠬᠦᠴᠢᠯ᠂ ᠸᠢᠲ᠋ᠠᠮᠢᠨ E᠂ B ᠲᠥᠷᠥᠯ ᠤᠨ ᠸᠢᠲ᠋ᠠᠮᠢᠨ ᠵᠢᠴᠢ ᠺᠠᠯᠼ᠂ ᠲᠡᠮᠦᠷ᠂ ᠴᠠᠶᠢᠷ᠂ ᠵᠡᠰ ᠵᠡᠷᠭᠡ ᠡᠷᠦᠳᠡᠰᠦ | ᠡᠯᠪᠡᠭ ᠠᠭᠤᠯᠤᠭᠳᠠᠳᠠᠭ᠃ ᠡᠭᠦᠨ ᠳᠤ ᠸᠢᠲ᠋ᠠᠮᠢᠨ E ᠨᠢ ᠢᠰᠦᠯᠳᠦᠬᠦ ᠶᠢ ᠡᠰᠡᠷᠭᠦᠴᠡᠬᠦ ᠦᠢᠯᠡᠳᠦᠯ ᠲᠠᠢ᠂ ᠦᠰᠦᠨ ᠤ | ᠤᠭᠤᠲᠠ ᠶᠢᠨ ᠦᠵᠢᠷᠡᠬᠦ ᠶᠢ ᠤᠳᠠᠭᠠᠰᠢᠷᠠᠭᠤᠯᠤᠨ᠎ᠠ︔ ᠵᠡᠰ᠂ ᠲᠡᠮᠦᠷ ᠨᠢ ᠪᠤᠰᠤᠳ ᠰᠢᠮ᠎ᠡ ᠲᠡᠵᠢᠭᠡᠯ ᠤᠨ ᠡᠯᠧᠮᠧᠨ᠋ᠲ ᠤᠨ | ᠬᠠᠮᠵᠢᠯᠴᠠᠯᠭ᠎ᠠ ᠪᠠᠷ ᠬᠠᠷ᠎ᠠ ᠥᠩᠭᠡᠲᠦ ᠡᠳ᠋ ᠤᠨ ᠨᠡᠶᠢᠯᠡᠯᠭᠡ ᠳᠤ ᠣᠷᠣᠯᠴᠠᠳᠠᠭ︔ ᠬᠠᠨᠤᠮᠠᠯ ᠪᠤᠰᠤ ᠥᠭᠡᠬᠦᠨ ᠬᠦᠴᠢᠯ | ᠪᠣᠯᠣᠨ ᠤᠭᠤᠷᠠᠭ ᠨᠢ ᠭᠡᠵᠢᠭᠡᠨ ᠳᠤ ᠰᠢᠮ᠎ᠡ ᠲᠡᠵᠢᠭᠡᠯ ᠬᠠᠩᠭᠠᠵᠤ᠂ ᠬᠠᠲᠠᠬᠤ᠂ ᠬᠡᠪᠡᠷᠡᠭ ᠪᠣᠯᠬᠤ ᠵᠡᠷᠭᠡ ᠠᠰᠠᠭᠤᠳᠠᠯ ᠢ | ᠰᠠᠶᠢᠵᠢᠷᠠᠭᠤᠯᠤᠨ᠎ᠠ᠃ | | ᠡᠶᠢᠮᠦ ᠠᠴᠠ ᠵᠣᠬᠢᠬᠤ ᠬᠡᠮᠵᠢᠶ᠎ᠡ ᠪᠠᠷ ᠬᠠᠷ᠎ᠠ ᠮᠠᠭᠠᠵᠢ ᠢᠳᠡᠪᠡᠯ ᠭᠡᠵᠢᠭᠡᠨ ᠤ ᠭᠢᠯᠪᠠᠭ᠎ᠠ ᠪᠠ ᠤᠶᠠᠨ ᠴᠢᠨᠠᠷ ᠢ | ᠰᠠᠶᠢᠵᠢᠷᠠᠭᠤᠯᠬᠤ ᠳᠤ ᠬᠠᠪᠰᠤᠷᠤᠮᠵᠢ ᠪᠣᠯᠳᠠᠭ᠃ | | | | ᠬᠡᠲᠦᠷᠬᠡᠢ ᠡᠷᠲᠡ ᠦᠰᠦ ᠴᠠᠶᠢᠬᠤ ᠠᠴᠠ ᠵᠠᠶᠢᠯᠠᠰᠬᠢᠬᠦ ᠵᠣᠷᠢᠯᠭ᠎ᠠ ᠪᠠᠷ᠂ ᠢᠳᠡᠰᠢ ᠶᠢᠨ ᠲᠡᠩᠴᠡᠭᠦᠷᠢ ᠶᠢ ᠪᠠᠲᠤᠯᠠᠬᠤ | ᠬᠡᠷᠡᠭᠲᠡᠢ᠂ ᠣᠨᠴᠠᠭᠠᠶᠢᠯᠠᠨ ᠤᠭᠤᠷᠠᠭ᠂ ᠸᠢᠲ᠋ᠠᠮᠢᠨ ᠵᠢᠴᠢ ᠡᠷᠦᠳᠡᠰᠦ ᠶᠢᠨ ᠲᠡᠩᠴᠡᠭᠦᠷᠢ ᠶᠢ ᠠᠩᠬᠠᠷᠬᠤ ᠬᠡᠷᠡᠭᠲᠡᠢ᠃ ᠡᠭᠦᠨ ᠤ | ᠬᠠᠮᠲᠤ ᠦᠰᠦ ᠭᠡᠵᠢᠭᠡᠨ ᠤ ᠭᠡᠮᠲᠦᠯ ᠢ ᠪᠠᠭᠠᠰᠬᠠᠵᠤ᠂ ᠪᠠᠶᠢᠨ ᠳᠠᠬᠢᠨ ᠬᠠᠯᠠᠭᠠᠬᠤ᠂ ᠨᠡᠷᠡᠨ ᠳᠤ ᠰᠢᠷᠠᠭᠳᠠᠬᠤ᠂ ᠠᠴᠠ | ᠵᠠᠶᠢᠯᠠᠰᠬᠢᠬᠦ ᠶᠢᠨ ᠬᠠᠮᠲᠤ ᠪᠠᠰᠠ ᠰᠥᠨᠢᠵᠢᠨ ᠰᠠᠭᠤᠬᠤ ᠶᠢ ᠪᠠᠭᠠᠰᠬᠠᠵᠤ᠂ ᠳᠠᠷᠤᠯᠲᠠ ᠶᠢ ᠬᠥᠩᠭᠡᠷᠡᠭᠦᠯᠬᠦ ᠶᠢ ᠠᠩᠬᠠᠷᠬᠤ | ᠬᠡᠷᠡᠭᠲᠡᠢ᠃ ᠴᠢᠬᠤᠯᠠ ᠲᠠᠢ ᠦᠶ᠎ᠡ ᠳᠤ ᠲᠤᠰᠬᠠᠢ ᠮᠡᠷᠭᠡᠵᠢᠯ ᠤᠨ ᠡᠮᠴᠢ ᠠᠴᠠ ᠠᠰᠠᠭᠤᠨ ᠯᠠᠪᠯᠠᠵᠤ ᠪᠣᠯᠣᠨ᠎ᠠ᠃ | | ᠸᠧᠨ/ᠹᠦ᠋ ᠯᠠᠨ ᠴᠢᠨ (ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ) | |