ᠰᠠᠭᠠᠯᠢ ᠶᠢᠨ ᠦᠨᠢᠶᠡᠨ ᠤ ᠰᠡᠯᠡᠭᠦᠴᠡᠨ ᠵᠤᠭᠠᠴᠠᠬᠤ ᠮᠠᠯᠵᠢᠯ ᠤᠨ ᠲᠠᠯᠠᠪᠠᠢ
ᠨᠡᠶᠢᠲᠡᠯᠡᠭᠰᠡᠨ ᠴᠠᠭ᠄
2025/5/7
              ᠮᠦ ᠲᠦᠩ ᠰᠡᠯᠡᠭᠦᠴᠡᠯ ᠵᠢᠭᠤᠯᠴᠢᠯᠠᠯ ᠤᠨ ᠮᠠᠯᠵᠢᠯ ᠤᠨ ᠲᠠᠯᠠᠪᠠᠢ ᠪᠣᠯ ᠱᠠᠨ ᠰᠢ ᠮᠤᠵᠢ ᠶᠢᠨ ᠳ᠋ᠠᠲ᠋ᠦ᠋ᠩ ᠬᠤᠳᠠ ᠶᠢᠨ ᠶᠦᠨ ᠭᠠᠩ ᠲᠣᠭᠤᠷᠢᠭ ᠤᠨ ᠺᠧᠦ ᠴᠢᠤᠸᠠᠨ ᠰᠢᠶᠠᠩ ᠳᠤ ᠪᠠᠶᠢᠷᠢᠯᠠᠵᠤ᠂ ᠤᠯᠤᠰ ᠤᠨ ᠲᠡᠰ ᠤᠨ ᠰᠠᠭᠠᠯᠢ ᠶᠢᠨ ᠦᠨᠢᠶᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠢ᠂ ᠮᠤᠵᠢ ᠶᠢᠨ ᠲᠡᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠮᠠᠯᠵᠢᠯ ᠤᠨ ᠲᠠᠯᠠᠪᠠᠢ ᠨᠢ ᠠᠮᠢ ᠠᠬᠤᠢ ᠶᠢᠨ ᠪᠣᠬᠢᠷᠲᠤᠯ ᠦᠭᠡᠢ ᠣᠶᠢᠯᠠᠭᠠᠭᠳᠠᠬᠤᠨ ᠢᠶᠠᠷ᠂ ᠰᠦ ᠶᠢᠨ ᠦᠢᠯᠡᠰ ᠤᠨ ᠰᠣᠶᠣᠯ ᠤᠨ ᠡᠯᠧᠮᠧᠨ᠋ᠲ ᠢ ᠬᠥᠳᠡᠭᠡ ᠲᠣᠰᠬᠤᠨ ᠤ ᠰᠡᠯᠡᠭᠦᠴᠡᠯ ᠤᠨ ᠵᠢᠭᠤᠯᠴᠢᠯᠠᠯ ᠳᠤ ᠠᠭᠤᠰᠬᠠᠵᠤ᠂ ᠰᠦ ᠶᠢᠨ ᠦᠢᠯᠡᠰ + ᠠᠵᠤ ᠦᠢᠯᠡᠳᠪᠦᠷᠢ + ᠵᠢᠭᠤᠯᠴᠢᠯᠠᠯ ᠤᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠷᠭ᠎ᠠ ᠵᠠᠮ ᠢ ᠨᠡᠭᠡᠭᠡᠨ᠂ ᠳᠠᠷᠢᠬᠤ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢ ᠬᠥᠭᠵᠢᠭᠦᠯᠵᠦ ᠪᠣᠢ᠃ ᠮᠠᠯᠵᠢᠯ ᠤᠨ ᠲᠠᠯᠠᠪᠠᠶ ᠳᠤ ᠬᠤᠯᠠᠨᠳ᠋ ᠤᠨ 6000 ᠰᠠᠭᠠᠯᠢ ᠶᠢᠨ ᠦᠨᠢᠶ᠎ᠡ ᠶᠢ ᠲᠡᠵᠢᠭᠡᠵᠦ᠂ ᠵᠢᠯ ᠪᠦᠷᠢ ᠳᠤᠮᠳᠠᠴᠢ ᠪᠠᠷ ᠨᠢᠭᠡᠴᠢ ᠶᠢᠨ ᠭᠠᠷᠤᠯᠲᠠ 11 ᠲᠣᠨ᠂ ᠡᠳᠦᠷ ᠲᠤ ᠴᠢᠨᠠᠷ ᠰᠠᠶᠢᠲᠠᠢ ᠲᠦᠭᠦᠬᠡᠢ ᠰᠦ 90 ᠲᠣᠨ᠂ ᠰᠦᠨ ᠤ ᠥᠭᠡᠬᠦ ᠶᠢᠨ ᠨᠣᠷᠮ᠎ᠠ 3.95%᠂ ᠰᠦᠨ ᠤ ᠤᠭᠤᠷᠠᠭ ᠤᠨ ᠨᠣᠷᠮ᠎ᠠ 3.35%᠂ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠢ ᠲᠤᠭ᠎ᠠ 2 ᠲᠦᠮᠡᠨ CFU/mL ᠳᠣᠲᠣᠷ᠎ᠠ ᠪᠠᠶᠢᠨ᠎ᠠ᠃             ᠮᠠᠯᠵᠢᠯ ᠤᠨ ᠲᠠᠯᠠᠪᠠᠶ ᠨᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠴᠢ ᠴᠠᠭᠠᠨ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠭᠤᠣᠯ ᠪᠣᠯᠭᠠᠵᠤ᠂ ᠭᠠᠳᠢᠷ᠎ᠠ᠂ ᠪᠠᠨᠠᠨᠠ᠂ ᠭᠦᠢᠯᠡᠰᠦ ᠲᠡᠭᠦᠬᠦ᠂ ᠴᠠᠬᠢᠷᠮ᠎ᠠ ᠴᠡᠴᠡᠭ ᠰᠣᠨᠢᠷᠬᠠᠬᠤ ᠵᠢᠴᠢ ᠠᠷᠠᠳ ᠤᠨ ᠵᠠᠩ ᠦᠶᠯᠡ ᠶᠢᠨ ᠰᠣᠶᠣᠯ ᠢ ᠣᠶᠢᠯᠠᠭᠠᠬᠤ ᠵᠡᠷᠭᠡ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠣᠷᠳᠣᠨ᠂ ᠦᠨᠢᠶᠡᠨ ᠰᠦ ᠶᠢᠨ ᠬᠡᠷᠡᠭᠯᠡᠭᠡ ᠶᠢ ᠣᠶᠢᠯᠠᠭᠠᠬᠤ ᠣᠷᠳᠣᠨ ᠪᠣᠢ᠃ ᠰᠤᠷᠭᠠᠭᠤᠯᠢ ᠲᠠᠢ ᠬᠠᠮᠲᠤᠷᠠᠨ ᠠᠵᠢᠯᠯᠠᠬᠤ᠂ ᠬᠤᠲᠠ ᠶᠢᠨ ᠠᠷᠠᠳ ᠲᠠᠢ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠤᠯᠴᠢᠯᠠᠭᠴᠢᠳ ᠲᠤ ᠰᠠᠭᠠᠯᠢ ᠶᠢᠨ ᠦᠨᠢᠶᠡᠨ ᠤ ᠥᠰᠦᠯᠲᠡ᠂ ᠦᠨᠢᠶᠡᠨ ᠰᠦ ᠶᠢᠨ ᠦᠢᠯᠡᠳᠪᠦᠷᠢᠯᠡᠯ᠂ ᠡᠷᠡᠭᠦᠯ ᠮᠡᠨᠳᠦ ᠪᠠᠷ ᠰᠦ ᠤᠤᠭᠤᠬᠤ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠭᠤᠯᠤᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠡᠷᠦᠩᠬᠡᠢ ᠰᠡᠳᠬᠢᠮᠵᠢ ᠶᠣᠰᠣᠭᠠᠷ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠭᠤᠷᠪᠠᠨ ᠲᠥᠷᠥᠯ ᠢ ᠵᠡᠷᠭᠡᠴᠡᠭᠦᠯᠦᠭᠰᠡᠨ ᠂ ᠰᠦ ᠶᠢᠨ ᠦᠢᠯᠡᠰ᠂ ᠵᠢᠭᠤᠯᠴᠢᠯᠠᠯ᠂ ᠰᠣᠶᠣᠯ ᠭᠤᠷᠪᠠ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠪᠦᠷᠢᠯᠳᠦᠭᠦᠯᠵᠡᠢ᠃ 2021 ᠣᠨ ᠤ 1 ︱ 5 ᠳ᠋ᠤᠭᠠᠷ ᠰᠠᠷ᠎ᠠ ᠳᠤ ᠵᠢᠭᠤᠯᠴᠢᠳ ᠢ 1.2 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠡᠳᠦᠷ ᠲᠤ 1000 ᠬᠥᠮᠥᠨ ᠬᠦᠯᠢᠶᠡᠨ ᠠᠪᠴᠠᠢ᠃        
 
ᠢᠷᠡᠯᠲᠡ᠄ ᠱᠠᠨ ᠰᠢ ᠶᠢᠨ ᠮᠦ ᠲᠦᠩ ᠰᠡᠯᠡᠭᠦᠴᠡᠨ ᠵᠤᠭᠠᠴᠠᠬᠤ ᠮᠠᠯᠵᠢᠯ ᠤᠨ ᠲᠠᠯᠠᠪᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号