| | ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠡᠷᠴᠢᠮᠲᠡᠢ ᠲᠤᠤᠱᠯᠠᠭᠤᠯᠵᠤ᠂ | ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠬᠠᠤᠯᠢ ᠪᠠᠷ ᠵᠠᠰᠠᠬᠤ | ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠵᠣᠷᠢᠯᠭ᠎ᠠ ᠪᠠᠷ᠂ ᠠᠷᠪᠠᠳᠤᠭᠠᠷ ︽ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ᠢᠩᠭᠡᠨ ᠰᠤᠮᠤ ᠬᠢᠯᠢ ᠶᠢᠨ ᠲᠣᠮᠢᠯᠠᠭᠰᠠᠨ | ᠰᠠᠯᠪᠤᠷᠢ᠂ ᠬᠠᠤᠯᠢ ᠪᠠᠷᠢᠬᠤ ᠭᠠᠵᠠᠷ ᠵᠢᠴᠢ ᠬᠠᠤᠯᠢ ᠬᠡᠷᠡᠭᠵᠢᠭᠦᠯᠬᠦ ᠳᠤᠮᠳᠠ ᠠᠩᠭᠢ ᠲᠠᠢ ᠬᠠᠮᠲᠤᠷᠠᠨ ︽4.15︾ | ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | ᠠᠵᠢᠯᠲᠠᠳ ︽ᠴᠠᠬᠢᠮ ᠰᠦᠯᠵᠢᠶ᠎ᠡ + ᠪᠣᠳᠠᠲᠤ ᠳᠡᠯᠭᠡᠭᠦᠷ︾ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢᠶᠠᠷ ᠤᠬᠠᠭᠤᠯᠭ᠎ᠠ ᠥᠷᠨᠢᠭᠦᠯᠵᠦ᠂ ᠴᠠᠬᠢᠮ ᠰᠦᠯᠵᠢᠶ᠎ᠡ ᠪᠠᠷ ᠭᠠᠴᠠᠭᠠᠨ ᠤ ᠸᠢᠴᠠᠲ ᠤᠨ ᠪᠦᠯᠦᠭ ᠢᠶᠠᠷ | ᠳᠠᠮᠵᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠠᠮᠤᠷ ᠲᠦᠪᠰᠢᠨ ᠢ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠥᠷᠭᠡᠨ ᠢᠶᠠᠷ ᠳᠠᠮᠵᠢᠭᠤᠯᠤᠨ ᠲᠠᠷᠬᠠᠭᠠᠵᠤ᠂ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ | ᠣᠯᠠᠨ ᠲᠦᠮᠡᠨ ᠳᠤ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢ ᠳᠤᠤᠭᠠᠷᠭᠠᠨ᠎ᠠ︔ ᠪᠣᠳᠠᠲᠤ ᠳᠡᠯᠭᠡᠭᠦᠷ | LED ᠳᠡᠯᠭᠡᠴᠡ ᠪᠠᠷ ᠨᠡᠪᠲᠡᠷᠡᠭᠦᠯᠬᠦ ᠪᠠ ᠡᠷᠦᠬᠡ ᠳᠤ ᠬᠦᠷᠴᠦ ᠰᠤᠷᠪᠤᠯᠵᠢᠯᠠᠬᠤ ᠬᠡᠯᠪᠡᠷᠢ ᠪᠠᠷ ᠺᠠᠳ᠋ᠷ ᠣᠯᠠᠨ | ᠲᠦᠮᠡᠨ ᠳᠤ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ︽ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠬᠤ ᠶᠢᠨ ᠬᠠᠮᠲᠤ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠬᠤᠣᠷ ᠬᠤᠷᠢᠭᠯᠠᠬᠤ᠂ ᠭᠠᠵᠢᠭᠤ ᠨᠣᠮᠯᠠᠯ ᠢ | ᠡᠰᠡᠷᠭᠦᠴᠡᠬᠦ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠬᠢᠯᠪᠠᠷ ᠣᠶᠢᠯᠠᠭᠠᠮᠵᠢᠲᠠᠢ ᠦᠭᠡ | ᠬᠡᠯᠡ ᠪᠠᠷ ᠮᠠᠯᠴᠢᠨ ᠲᠦᠮᠡᠨ ᠳᠤ ᠶᠠᠭᠤ ᠶᠢ ᠤᠯᠤᠰ ᠤᠨ ᠠᠮᠤᠷ ᠲᠦᠪᠰᠢᠨ ᠭᠡᠬᠦ᠂ ᠤᠯᠤᠰ ᠤᠨ ᠠᠮᠤᠷ ᠲᠦᠪᠰᠢᠨ ᠳᠤ | ᠠᠯᠢ ᠠᠯᠢ ᠲᠠᠯ᠎ᠠ ᠶᠢ ᠪᠠᠭᠲᠠᠭᠠᠬᠤ᠂ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ | ᠪᠠ ᠡᠷᠬᠡ ᠵᠡᠷᠭᠡ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠬᠠᠮᠰᠠᠷ ᠠᠴᠠ ᠪᠠᠨ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠵᠢᠯᠣᠭᠤᠳᠪᠠ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠺᠠᠳ᠋ᠷ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠤᠬᠠᠮᠰᠠᠷ ᠢ ᠪᠦᠲᠦᠮᠵᠢᠲᠡᠶ ᠪᠠᠷ ᠴᠢᠩᠭᠠᠷᠠᠭᠤᠯᠵᠤ᠂ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠢ ᠬᠠᠮᠠᠭᠠᠯᠠᠬᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠤᠮᠤ ᠶᠢᠨ ᠬᠢᠨ ᠤᠬᠠᠭᠤᠯᠬᠤ ᠬᠡᠯᠪᠡᠷᠢ ᠪᠠ | ᠠᠭᠤᠯᠭ᠎ᠠ ᠪᠠᠨ ᠦᠷᠭᠦᠯᠵᠢᠯᠡᠨ ᠪᠠᠶᠠᠯᠢᠭᠵᠢᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠦᠨᠳᠦᠰᠦᠨ | ᠱᠠᠲᠤᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ |