| ᠪᠠᠷᠢᠮᠲᠠᠵᠢᠭᠤᠯᠤᠭᠰᠠᠨ ᠳ᠋ᠤᠭᠠᠷ᠄ 11152921790192595R/2025-00640 | ᠨᠡᠶᠢᠲᠡᠯᠡᠭᠰᠡᠨ ᠪᠠᠶᠢᠭᠤᠯᠭ᠎ᠠ ᠨᠢᠭᠡᠴᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ | ᠢᠯᠡ ᠲᠣᠳᠣ ᠨᠡᠶᠢᠲᠡᠯᠡᠭᠰᠡᠨ ᠠᠩᠭᠢᠯᠠᠯ᠄ ᠵᠠᠪᠠᠯ ᠢᠯᠡ ᠲᠣᠳᠣ ᠨᠡᠭᠡᠭᠡᠯᠲᠡ ᠲᠠᠢ ᠪᠠᠶᠢᠬᠤ | ᠠᠩᠭᠢᠯᠠᠯ᠄ ᠬᠤᠰᠢᠭᠤᠨ ᠤ ᠲᠣᠰ ᠱᠠᠲᠤᠨ ᠤ ᠬᠢᠨ | ᠪᠠᠷᠢᠮᠲᠠ ᠪᠢᠴᠢᠭ ᠤᠨ ᠳ᠋ᠤᠭᠠᠷ᠄ | ᠪᠠᠲᠤᠯᠠᠭᠳᠠᠭᠰᠠᠨ ᠴᠠᠭ ᠬᠤᠭᠤᠴᠠᠭ᠎ᠠ᠄ 2025 ︱ 04 ︱ 25 | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ | ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ ᠬᠢᠨᠠᠨ | ᠰᠢᠯᠭᠠᠬᠤ ᠠᠷᠭ᠎ᠠ︾ ᠶᠢᠨ ᠲᠤᠬᠠᠢ ᠲᠣᠳᠣᠷᠬᠠᠶᠢᠯᠠᠯᠲᠠ | | | | ᠨᠢᠭᠡ᠂ ᠨᠣᠣᠷᠠᠭᠯᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ | | ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠦᠲᠦᠭᠡᠨ | ᠪᠠᠶᠢᠭᠤᠯᠤᠯᠲᠠ ᠶᠢ ᠤᠯᠠᠮ ᠴᠢᠩᠭᠠᠳᠬᠠᠬᠤ ᠶᠢᠨ ︽ᠬᠠᠮᠢᠶᠠᠷᠤᠯᠲᠠ᠂ ᠲᠣᠨᠣᠭᠯᠠᠯ᠂ ᠬᠡᠪ ᠴᠢᠨᠠᠷ᠂ ᠰᠢᠰᠲ᠋ᠧᠮ︾ ᠤᠨ | ᠳᠥᠷᠪᠡ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠡᠷᠴᠢᠮᠲᠡᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠭᠦᠢ ᠦᠢᠯᠡᠳᠪᠦᠷᠢᠯᠡᠯ ᠤᠨ ᠬᠠᠤᠯᠢ ᠶᠢ ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ | ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ︽ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢᠨ ᠰᠢᠰᠲ᠋ᠧᠮ ᠢ ᠬᠢᠨᠠᠨ ᠰᠢᠯᠭᠠᠵᠤ ᠲᠡᠰ ᠲᠣᠭᠲᠠᠭᠠᠬᠤ ᠠᠷᠭ᠎ᠠ︾ ︽ᠨᠡᠭᠦᠷᠡᠰᠦᠨ ᠤ ᠪᠤᠰᠤ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯ ᠢ ᠤᠯᠠᠮ ᠵᠢᠷᠤᠮᠵᠢᠭᠤᠯᠬᠤ ᠲᠤᠬᠠᠢ | ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾ ︽ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠥᠪᠡᠷᠲᠡᠭᠡᠨ ᠵᠠᠰᠠᠬᠤ | ᠣᠷᠣᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠦᠨᠡᠯᠡᠨ ᠵᠢᠱᠢᠵᠦ ᠰᠢᠯᠭᠠᠨ ᠬᠢᠨᠠᠬᠤ ᠠᠷᠭ᠎ᠠ︾ ᠶᠢ | | ᠬᠤᠶᠠᠷ᠂ ᠲᠤᠭᠤᠷᠪᠢᠨ ᠪᠢᠴᠢᠭᠰᠡᠨ ᠶᠠᠪᠤᠴᠠ | | 2024 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ | 2 ᠤᠨ ᠡᠳᠦᠷ ᠪᠣᠯᠲᠠᠯ᠎ᠠ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠣᠯᠪᠠᠴᠤ ᠬᠠᠷᠢᠭᠤ | ᠲᠤᠰᠬᠠᠭᠰᠠᠨ ᠰᠠᠨᠠᠯ ᠢ ᠣᠯᠣᠭᠰᠠᠨ ᠦᠭᠡᠢ᠃ 2025 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ᠂ ᠲᠤᠰᠬᠠᠢ | ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠬᠤᠷᠠᠯᠳᠤᠭᠤᠯᠪᠠ᠃ 2025 ᠣᠨ ᠤ 1 ᠳ᠋ᠦ᠋ᠭᠡᠷ ᠰᠠᠷ᠎ᠠ ᠶᠢᠨ 24 ᠤ | ᠡᠳᠦᠷ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠃ 2025 ᠣᠨ ᠤ 2 ᠳ᠋ᠤᠭᠠᠷ ᠰᠠᠷ᠎ᠠ ᠶᠢᠨ 10 ᠤ | ᠡᠳᠦᠷ᠂ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠠᠳᠡᠯ ᠤᠨ ᠪᠠᠶᠢᠴᠠᠭᠠᠯᠲᠠ ᠶᠢᠨ ᠭᠠᠵᠠᠷ | ᠠᠴᠠ ︽ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ︾ ᠭᠠᠷᠭᠠᠪᠠ᠃ 2025 ᠣᠨ ᠤ 2 | ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2025 ᠣᠨ ᠤ ᠳᠥᠷᠪᠡᠳᠦᠭᠡᠷ ᠤᠳᠠᠭ᠎ᠠ ᠶᠢᠨ ᠲᠣᠪᠴᠢᠶ᠎ᠠ ᠶᠢᠨ | ᠶᠠᠪᠤᠳᠠᠯ ᠤᠨ 2025 ᠣᠨ ᠤ 2 ᠳ᠋ᠤᠭᠠᠷ ᠰᠠᠷ᠎ᠠ ᠶᠢᠨ 26 ᠤ ᠡᠳᠦᠷ᠂ ᠵᠢᠩᠬᠢᠨᠢ ᠪᠠᠷ ᠬᠡᠪᠯᠡᠨ ᠲᠠᠷᠬᠠᠭᠠᠪᠠ᠃ | | ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ ᠰᠢᠯᠭᠠᠨ ᠬᠢᠨᠠᠬᠤ | ᠠᠷᠭ᠎ᠠ︾ ᠳᠤ ᠨᠡᠶᠢᠲᠡ ᠲᠠᠪᠤᠨ ᠪᠦᠯᠦᠭ ᠠᠷᠪᠠᠨ ᠳᠥᠷᠪᠡᠨ ᠵᠦᠢᠯ ᠪᠣᠶ᠃ ᠨᠢᠭᠡᠳᠦᠭᠡᠷ ᠪᠦᠯᠦᠭ ᠨᠢ ︽ᠶᠡᠷᠦᠩᠬᠡᠢ | ᠳᠦᠷᠢᠮ︾ ᠪᠣᠯᠣᠨ᠎ᠠ᠂ ᠨᠡᠶᠢᠲᠡ ᠭᠤᠷᠪᠠᠨ ᠵᠦᠢᠯ ᠪᠠᠶᠢᠵᠤ᠂ ᠲᠣᠰ ᠠᠷᠭ᠎ᠠ ᠶᠢ ᠲᠤᠭᠤᠷᠪᠢᠭᠰᠠᠨ ᠦᠨᠳᠦᠰᠦᠯᠡᠯ᠂ | ᠬᠡᠷᠡᠭᠯᠡᠬᠦ ᠬᠡᠪᠴᠢᠶ᠎ᠡ ᠪᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢ ᠲᠣᠰ ᠲᠣᠰ ᠲᠣᠳᠣᠷᠬᠠᠶᠢᠯᠠᠪᠠ᠃ ᠬᠤᠶᠠᠳᠤᠭᠠᠷ | ᠪᠦᠯᠦᠭ ︽ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠬᠢᠭᠡᠳ ᠦᠷ᠎ᠡ ᠪᠦᠲᠦᠮᠵᠢ ᠶᠢ ᠦᠨᠡᠯᠡᠨ ᠵᠢᠱᠢᠬᠦ︾ | ᠳᠤ ᠨᠡᠶᠢᠳᠡ ᠭᠤᠷᠪᠠᠨ ᠵᠦᠢᠯ ᠪᠠᠶᠢᠵᠤ᠂ ᠠᠭᠤᠷᠬᠠᠢ ᠶᠢᠨ ᠠᠵᠤ ᠠᠬᠤᠶᠢᠯᠠᠯ ᠨᠢ ᠪᠠᠷᠢᠮᠵᠢᠶᠠᠵᠢᠭᠤᠯᠤᠭᠰᠠᠨ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠨ᠂ ᠪᠠᠷᠢᠮᠵᠢᠶᠠᠵᠢᠭᠤᠯᠤᠭᠰᠠᠨ ᠲᠡᠰ ᠤᠨ ᠬᠠᠷᠠᠭᠠᠯᠵᠠᠯ ᠬᠥᠷᠳᠡᠬᠦ ᠲᠥᠷᠥ ᠶᠢᠨ | ᠪᠣᠳᠣᠯᠭ᠎ᠠ ᠶᠢ ᠣᠯᠵᠤ᠂ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ | ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠢ ᠭᠡᠵᠦ ᠲᠤᠰ ᠲᠤᠰ ᠲᠣᠳᠣᠷᠬᠠᠶᠢᠯᠠᠵᠠᠢ᠃ | ᠭᠤᠷᠪᠠᠳᠤᠭᠠᠷ ᠪᠦᠯᠦᠭ ᠪᠣᠯ ︽ᠦᠨᠡᠯᠡᠨ ᠵᠢᠱᠢᠵᠦ ᠰᠢᠯᠭᠠᠨ ᠬᠢᠨᠠᠬᠤ︾ ᠪᠣᠯᠣᠨ᠎ᠠ᠂ ᠨᠡᠶᠢᠲᠡ ᠬᠤᠶᠠᠷ ᠵᠦᠢᠯ | ᠪᠠᠶᠢᠵᠤ᠂ ᠲᠣᠰ ᠲᠣᠰ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠥᠳᠡᠯᠦᠩᠭᠦᠢ ᠪᠠᠷ | ᠰᠤᠭᠤᠴᠢᠨ ᠪᠠᠶᠢᠴᠠᠭᠠᠬᠤ ᠬᠠᠷᠢᠴᠠᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃ ᠳᠥᠷᠪᠡᠳᠦᠭᠡᠷ ᠪᠦᠯᠦᠭ ᠪᠣᠯ | ︽ᠦᠷ᠎ᠡ ᠳ᠋ᠦᠩ ᠢ ᠰᠢᠢᠳᠪᠦᠷᠢᠯᠡᠬᠦ︾ ᠪᠣᠯᠣᠨ᠎ᠠ᠂ ᠨᠡᠶᠢᠲᠡ ᠳᠥᠷᠪᠡᠨ ᠵᠦᠢᠯ ᠪᠠᠶᠢᠵᠤ᠂ ᠪᠠᠷᠢᠮᠵᠢᠶᠠᠵᠢᠭᠤᠯᠤᠯᠲᠠ ᠶᠢ | ᠪᠠᠭᠤᠷᠠᠭᠤᠯᠬᠤ ᠪᠠ ᠬᠦᠴᠦᠨ ᠦᠭᠡᠢ ᠪᠣᠯᠭᠠᠬᠤ ᠪᠠᠶᠢᠳᠠᠯ ᠵᠢᠴᠢ ᠴᠤᠪᠤᠷᠠᠯ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠰ ᠲᠣᠰ ᠲᠣᠳᠣᠷᠬᠠᠶᠢᠯᠠᠪᠠ᠃ ᠲᠠᠪᠤᠳᠤᠭᠠᠷ ᠪᠦᠯᠦᠭ ︽ᠬᠠᠪᠰᠤᠷᠤᠯᠲᠠ | ᠳᠦᠷᠢᠮ︾ ᠂ ᠨᠡᠶᠢᠲᠡ ᠬᠤᠶᠠᠷ ᠵᠦᠢᠯ ᠪᠠᠶᠢᠵᠤ᠂ ᠲᠣᠰ ᠠᠷᠭ᠎ᠠ ᠶᠢ ᠲᠠᠶᠢᠯᠪᠤᠷᠢᠯᠠᠬᠤ ᠶᠢ ᠬᠠᠷᠢᠭᠤᠴᠠᠵᠤ ᠪᠠᠶᠢᠭ᠎ᠠ | ᠰᠠᠯᠠᠭ᠎ᠠ ᠮᠥᠴᠢᠷ ᠪᠠ ᠲᠣᠰ ᠠᠷᠭ᠎ᠠ ᠶᠢ ᠬᠡᠷᠡᠭᠵᠢᠭᠦᠯᠦᠭᠰᠡᠨ ᠡᠳᠦᠷ ᠬᠤᠭᠤᠴᠠᠭ᠎ᠠ ᠶᠢ ᠲᠣᠰ ᠲᠣᠰ ᠲᠣᠳᠣᠷᠬᠠᠶᠢᠯᠠᠪᠠ᠃ | | ᠠᠯᠪᠠᠨ ᠪᠢᠴᠢᠭ ᠤᠨ ᠴᠠᠬᠢᠮ ᠬᠠᠭᠤᠳᠠᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠦᠨᠡᠯᠡᠨ ᠵᠢᠱᠢᠵᠦ ᠬᠢᠨᠠᠨ ᠰᠢᠯᠭᠠᠬᠤ ᠠᠷᠭ᠎ᠠ | | | |