AI ᠶᠢ ᠠᠰᠢᠭᠯᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/7
   ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠯᠪᠠᠨ ᠤ ᠸᠢᠴᠠᠲ ᠲᠠᠪᠴᠠᠩ ︽ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ︾ ᠳᠤ DeepSeek ᠤᠨ ᠶᠡᠭᠡ ᠵᠠᠭᠪᠤᠷ ᠲᠤ ᠰᠠᠭᠤᠷᠢᠯᠠᠭᠰᠠᠨ ︽ᠲᠡᠮᠡᠭᠡ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠠᠷᠭᠠᠪᠠ᠃ ︽ᠲᠡᠮᠡᠭᠡ ᠵᠠᠰᠠᠭ ᠤᠨ ᠶᠠᠪᠤᠳᠠᠯ ᠤᠨ ᠦᠢᠯᠡᠴᠢᠯᠡᠭᠡ︾ ᠰᠦᠯᠵᠢᠶᠡᠨ ᠳᠤ ᠭᠠᠷᠤᠭᠰᠠᠨ ᠨᠢ ᠠᠯᠠᠱᠠ ᠵᠡᠭᠦᠨ ᠬᠤᠰᠢᠭᠤ ︽AI ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠠᠶᠢᠨ ᠰᠦᠪᠡᠭᠴᠢᠯᠡᠬᠦ ᠶᠠᠪᠣᠴᠠ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃    ᠠᠵᠢᠯᠯᠠᠭᠠᠨ ᠤ ᠳᠥᠬᠦᠮ ᠴᠢᠨᠠᠷ ᠤᠨ ᠲᠠᠯ᠎ᠠ ᠪᠠᠷ    ᠬᠡᠷᠡᠭᠯᠡᠭᠴᠢ ᠳᠣᠣᠷ᠎ᠠ ᠲᠠᠯ᠎ᠠ ᠶᠢᠨ ᠪᠠᠭ᠎ᠠ ᠫᠷᠣᠭ᠍ᠭ᠍ᠷᠠᠮ ᠤᠨ ᠬᠤᠶᠠᠷ ᠬᠡᠮᠵᠢᠯᠳᠦ ᠺᠣᠳ᠋ ᠢ ᠰᠢᠷᠪᠢᠨ᠎ᠡ
   ᠡᠰᠡᠬᠦᠯ᠎ᠡ ︽ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ︾ ᠶᠢᠨ ᠸᠢᠴᠠᠲ ᠲᠠᠪᠴᠠᠩ ᠳᠤ ᠣᠷᠣᠵᠤ᠂ ︽ᠪᠢᠴᠢᠯ ᠵᠠᠰᠠᠭ ᠤᠨ ᠶᠠᠪᠤᠳᠠᠯ︾ ᠢ ᠲᠣᠪᠰᠢᠵᠤ᠂ ᠳᠠᠬᠢᠨ ︽ᠲᠡᠮᠡᠭᠡ ᠵᠠᠭᠤᠨ ᠶᠠᠪᠤᠳᠠᠯ︾ ᠢ ᠰᠣᠩᠭᠤᠪᠠᠯ ᠳᠠᠷᠤᠢ ᠣᠶᠤᠨᠴᠢ ᠦᠢᠯᠡᠴᠢᠯᠡᠭᠡ ᠶᠢ ᠰᠠᠭᠠᠳ ᠦᠭᠡᠢ ᠡᠳ᠋ᠯᠡᠵᠦ ᠪᠣᠯᠤᠨ᠎ᠠ᠃
   ︽ᠲᠡᠮᠡᠭᠡ AI︾ ᠨᠢ ᠳᠣᠣᠷᠠᠬᠢ ᠢᠯᠡᠷᠬᠡᠢ ᠳᠠᠪᠠᠭᠤᠯᠢᠭ ᠲᠠᠯ᠎ᠠ ᠲᠠᠢ᠄    ᠨᠢᠭᠡ᠂ 365 ᠡᠳᠦᠷ × 24 ᠴᠠᠭ ᠦᠷᠭᠦᠯᠵᠢᠯᠡᠨ ᠠᠵᠢᠯᠯᠠᠨ᠎ᠠ᠃    ᠬᠤᠶᠠᠷ᠂ ᠨᠠᠷᠢᠯᠢᠭ ᠣᠨᠣᠪᠴᠢᠲᠠᠢ ᠢᠯᠭᠠᠨ ᠲᠠᠨᠢᠵᠤ᠂ ᠲᠦᠷᠭᠡᠨ ᠰᠢᠢᠳᠪᠦᠷᠢᠯᠡᠨ᠎ᠡ᠃    ᠭᠤᠷᠪᠠ᠂ ᠵᠠᠰᠠᠭ ᠤᠨ ᠶᠠᠪᠤᠳᠠᠯ ᠤᠨ ᠠᠰᠠᠭᠤᠯᠲᠠ ᠪᠦᠬᠦᠨ ᠢ ᠪᠦᠭᠦᠳᠡ ᠬᠠᠷᠢᠭᠤᠯᠤᠨ᠎ᠠ᠃     ᠬᠤᠶᠢᠰᠢᠳᠠ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠪᠣᠳᠠᠲᠠᠢ ᠪᠠᠶᠢᠳᠠᠯ ᠳᠤ ᠰᠠᠭᠤᠷᠢᠯᠠᠨ᠂ ᠲᠣᠮᠣ ᠳ᠋ᠠᠶᠢᠲ᠋ᠠ ᠶᠢ ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ︽ᠲᠡᠮᠡᠭᠡ AI︾ ᠢᠶᠠᠷ ᠡᠬᠢᠯᠡᠯᠲᠡ ᠪᠣᠯᠭᠠᠵᠤ᠂ ᠨᠡᠩ ᠣᠯᠠᠨ ᠣᠶᠤᠨᠴᠢᠯᠠᠭᠰᠠᠨ ᠬᠡᠷᠡᠭᠯᠡᠭᠡ ᠪᠠᠨ ᠲᠠᠰᠤᠷᠠᠯᠲᠠ ᠦᠭᠡᠢ ᠥᠷᠭᠡᠳᠭᠡᠨ᠂ ᠲᠤᠭ᠎ᠠ ᠪᠠᠷᠢᠮᠲᠠ ᠶᠢ ᠢᠯᠡᠭᠦᠬᠡᠨ ᠠᠰᠢᠭᠯᠠᠵᠤ᠂ ᠣᠯᠠᠨ ᠲᠦᠮᠡᠨ ᠳᠤ ᠦᠨᠡᠨᠬᠦ ᠠᠰᠢᠭ ᠬᠦᠷᠳᠡᠭᠡᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠯᠦᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ ᠨᠡᠩ ᠢᠯᠡᠭᠦᠦ ᠳᠡᠭᠡᠭᠰᠢᠯᠡᠭᠦᠯᠵᠤ᠂ ᠴᠣ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号